ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠳᠤᠭᠤᠶᠢᠯᠠᠩ ᠬᠤᠪᠢᠶᠠᠨ ᠶᠠᠷᠢᠯᠴᠠᠪᠠ
ᠨᠡᠶᠢᠲᠡᠯᠡᠭᠰᠡᠨ ᠴᠠᠭ᠄
2023/8/3
     8 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠳᠤ ᠣᠷᠣᠯᠴᠠᠭᠰᠠᠨ ᠬᠥᠮᠥᠰ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠴᠦᠸᠠᠨ ᠤ ᠬᠦᠴᠦᠨ ᠴᠢᠳᠠᠯ ᠢᠶᠠᠨ ᠡᠷᠭᠦᠬᠦ ᠲᠤᠬᠠᠢ ᠲᠣᠭᠲᠠᠭᠠᠯ ︵ᠶᠠᠷᠢᠯᠴᠠᠬᠤ ᠨᠣᠣᠷᠠᠭ︶︾ ᠪᠣᠯᠣᠨ ︽ᠪᠦᠬᠦᠳᠡ ᠬᠤᠷᠠᠯ ᠤᠨ ᠠᠯᠪᠠᠨ ᠮᠡᠳᠡᠭᠡ ︵ᠲᠥᠰᠥᠯ︶ ︵ᠶᠠᠷᠢᠯᠴᠠᠬᠤ ᠨᠣᠣᠷᠠᠭ︶︾  ᠢ ᠲᠠᠪᠤᠨ ᠶᠠᠷᠢᠯᠴᠠᠬᠤ ᠳᠤᠭᠤᠶᠢᠯᠠᠩ ᠬᠤᠪᠢᠶᠠᠨ ᠰᠣᠯᠢᠯᠴᠠᠨ ᠶᠠᠷᠢᠯᠴᠠᠪᠠ᠃      ᠡᠯ᠎ᠡ ᠳᠤᠭᠤᠶᠢᠯᠠᠩ ᠬᠤᠪᠢᠶᠠᠨ ᠶᠠᠷᠢᠯᠴᠠᠬᠤ ᠲᠤᠬᠠᠢ ᠶᠢᠨ ᠲᠠᠯᠠᠪᠠᠢ ᠳᠤ᠂ ᠬᠤᠷᠠᠯ ᠳᠤ ᠣᠷᠣᠯᠴᠠᠭᠰᠠᠳ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠥᠪᠡᠷ ᠥᠪᠡᠷ ᠤᠨ ᠰᠠᠨᠠᠯ ᠂ ᠠᠵᠤ ᠦᠢᠯᠡᠰ ᠤᠨ ᠲᠥᠯᠦᠪᠵᠢᠭᠦᠯᠭᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ᠂ ᠠᠷᠠᠳ ᠤᠨ ᠠᠮᠢᠳᠤᠷᠠᠯ ᠤᠨ ᠦᠢᠯᠡᠰ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ ᠲᠥᠷᠥᠭᠳᠡᠯ ᠢᠶᠠᠨ ᠬᠤᠪᠢᠶᠠᠯᠴᠠᠵᠤ᠂ ᠰᠠᠨᠠᠭᠤᠯᠭ᠎ᠠ ᠳᠤᠷᠠᠳᠴᠤ᠂ ᠬᠥᠭᠵᠢᠯᠲᠡ ᠶᠢᠨ ᠲᠤᠬᠠᠢ ᠶᠠᠷᠢᠯᠴᠠᠪᠠ᠃ ᠣᠯᠠᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ ᠴᠠᠭ ᠮᠥᠴᠡ ᠳᠤ᠂ ᠶᠡᠷᠦᠩᠬᠡᠢ ᠱᠦᠵᠢ ᠰᠢ ᠶᠢᠨ ᠫᠢᠩ ᠳᠥᠷᠪᠡᠳᠡᠬᠢ ᠤᠳᠠᠭ᠎ᠠ ᠥᠪᠥᠷ ᠮᠣᠩᠭᠤᠯ ᠳᠤ ᠢᠷᠡᠵᠦ ᠰᠢᠨᠵᠢᠯᠡᠨ ᠪᠠᠶᠢᠴᠠᠭᠠᠭᠰᠠᠨ ᠨᠢ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ ᠬᠠᠯᠠᠮᠵᠢᠯᠠᠵᠤ᠂ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠡᠭᠦᠨ ᠤ ᠵᠡᠷᠭᠡ ᠳᠤ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠤᠷᠤᠭᠰᠢᠯᠠᠯᠲᠠ ᠶᠢᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ︽ᠲᠣᠭᠲᠠᠭᠠᠯ ︵ᠶᠠᠷᠢᠯᠴᠠᠬᠤ ᠨᠣᠣᠷᠠᠭ︶︾ ᠳᠤ ᠮᠠᠨ ᠤ ᠰᠢᠶᠠᠨ ᠤ ᠬᠤᠶᠢᠰᠢᠳᠠ ᠶᠢᠨ ᠬᠡᠰᠡᠭ ᠬᠤᠭᠤᠴᠠᠭᠠᠨ ᠤ ᠠᠵᠢᠯ ᠤᠨ ᠬᠠᠷᠠᠯᠲᠠ ᠲᠣᠳᠣᠷᠬᠠᠢ᠂ ᠨᠠᠷᠢᠨ ᠣᠨᠣᠪᠴᠢᠲᠠᠶ᠂ ᠪᠣᠳᠠᠲᠠᠢ ᠪᠥᠭᠡᠳ ᠬᠦᠴᠦᠲᠡᠢ ᠪᠠᠶᠢᠬᠤ ᠶᠢ ᠲᠣᠬᠢᠷᠠᠭᠤᠯᠤᠨ ᠪᠠᠶᠢᠷᠢᠯᠠᠭᠤᠯᠵᠤ᠂ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤ ᠴᠢᠭᠯᠡᠯ ᠢ ᠵᠢᠭᠠᠨ ᠥᠭᠴᠦ᠂ ᠵᠢᠷᠤᠮᠯᠠᠯ ᠬᠠᠩᠭᠠᠭᠰᠠᠨ ᠪᠠᠶᠢᠨ᠎ᠠ᠃      ᠶᠠᠷᠢᠯᠴᠠᠭᠠᠨ ᠤ ᠳᠤᠮᠳᠠ᠂ ᠤᠯᠠᠨ ᠢᠶᠠᠷ ᠢᠶᠠᠨ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠣᠨᠣᠪᠴᠢᠲᠠᠢ ᠡᠵᠡᠮᠳᠡᠵᠦ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠣᠶᠢᠯᠠᠭᠠᠵᠤ᠂ ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠰᠢᠶᠠᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠬᠡᠵᠡᠭᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号