ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶᠠᠨ ᠤ ᠳᠣᠯᠣᠳᠤᠭᠠᠷ ᠪᠥᠬᠦᠳᠡ ᠬᠤᠷᠠᠯ 2023 ᠣᠨ ᠤ 8 ᠰᠠᠷ᠎ᠠ ᠶᠢᠨ 1 ᠤ ᠡᠳᠦᠷ ᠬᠤᠷᠠᠯᠳᠤᠪᠠ᠃ | ᠬᠤᠷᠠᠯ ᠳᠤ ᠣᠷᠣᠯᠴᠠᠭᠰᠠᠳ ᠲᠤ ᠰᠢᠶᠠᠨ ᠤ ᠨᠠᠮ ᠤᠨ ᠬᠤᠷᠢᠶᠠᠨ ᠤ ᠭᠡᠰᠢᠭᠦᠨ 32 ᠬᠥᠮᠥᠨ᠂ ᠣᠷᠣᠯᠠᠭᠴᠢ | ᠭᠡᠰᠢᠭᠦᠨ 6 ᠬᠥᠮᠥᠨ᠂ ᠰᠢᠶᠠᠨ ᠤ ᠱᠠᠲᠤᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠢᠶᠠᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ | ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠦᠨᠳᠦᠰᠦᠨ ᠱᠠᠲᠤᠨ ᠤ ᠬᠡᠰᠡᠭ ᠨᠠᠮ ᠤᠨ | ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠪᠥᠬᠦᠳᠡ ᠬᠤᠷᠠᠯ ᠢ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠬᠢᠯᠡᠪᠡ᠂ ᠰᠢᠶᠠᠨ ᠤ | ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠶᠠᠷᠢᠶ᠎ᠠ ᠲᠠᠯᠪᠢᠪᠠ᠃ | ᠪᠦᠭᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠬᠤᠲᠠ ᠶᠢᠨ | ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠶᠢ ᠪᠦᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ | ᠦᠴᠦᠸᠠᠨ ᠤ ᠬᠦᠴᠦᠨ ᠴᠢᠳᠠᠯ ᠢᠶᠠᠨ ᠡᠷᠭᠦᠬᠦ ᠲᠤᠬᠠᠢ ᠲᠣᠭᠲᠠᠭᠠᠯ︾ ᠢ ᠬᠢᠨᠠᠨ ᠵᠥᠪᠯᠡᠵᠦ ᠪᠠᠲᠤᠯᠠᠪᠠ᠂ ᠰᠢᠶᠠᠨ ᠤ | ᠱᠠᠲᠤᠨ ᠤ ᠤᠳᠤᠷᠢᠳᠤᠯᠭ᠎ᠠ ᠶᠢᠨ ᠡᠭᠦᠷᠭᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ ᠶᠠᠩ ᠰᠢᠩ ᠱᠧᠩ ︽ᠲᠣᠭᠲᠠᠭᠠᠯ ︵ᠶᠠᠷᠢᠯᠴᠠᠬᠤ ᠨᠣᠣᠷᠠᠭ︶︾ ᠤᠨ ᠲᠤᠬᠠᠢ ᠪᠥᠬᠦᠳᠡ ᠬᠤᠷᠠᠯ ᠳᠤ | ᠲᠣᠳᠣᠷᠬᠠᠶᠢᠯᠠᠯᠲᠠ ᠬᠢᠪᠡ᠃ | ᠪᠥᠬᠦᠳᠡ ᠬᠤᠷᠠᠯ ᠠᠴᠠ ᠦᠵᠡᠭᠰᠡᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠬᠤ ᠡᠬᠢᠯᠡᠯᠲᠡ ᠶᠢᠨ ᠵᠢᠯ ᠳᠤ᠂ ᠪᠦᠬᠦ ᠨᠠᠮ ᠢᠶᠠᠷ ᠢᠶᠠᠨ ᠭᠤᠣᠯ | ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ ᠪᠠᠶᠢᠭ᠎ᠠ ᠴᠢᠬᠤᠯᠠ ᠴᠠᠭ ᠮᠥᠴᠡ ᠳᠤ᠂ ᠶᠡᠷᠦᠩᠬᠡᠢ ᠱᠦᠵᠢ ᠰᠢ | ᠶᠢᠨ ᠫᠢᠩ ᠳᠥᠷᠪᠡᠳᠡᠬᠢ ᠤᠳᠠᠭ᠎ᠠ ᠥᠪᠥᠷ ᠮᠣᠩᠭᠤᠯ ᠳᠤ ᠪᠡᠶ᠎ᠡ ᠪᠠᠷ ᠢᠶᠠᠨ ᠬᠦᠷᠴᠦ ᠰᠢᠨᠵᠢᠯᠡᠨ ᠪᠠᠶᠢᠴᠠᠭᠠᠵᠤ ᠠᠵᠢᠯ | ᠵᠢᠯᠣᠭᠤᠳᠤᠭᠰᠠᠨ ᠨᠢ ᠪᠢᠳᠡᠨ ᠳᠤ ᠰᠢᠨ᠎ᠡ ᠱᠠᠭᠠᠷᠳᠠᠯᠭ᠎ᠠ ᠳᠤᠷᠠᠳᠴᠤ᠂ ᠰᠢᠨ᠎ᠡ ᠬᠠᠷᠠᠯᠲᠠ ᠶᠢ | ᠲᠣᠳᠣᠷᠬᠠᠶᠢᠯᠠᠭᠰᠠᠨ ᠢᠶᠠᠷ ᠪᠠᠷᠠᠬᠤ ᠦᠭᠡᠢ ᠪᠠᠰᠠ ᠪᠢᠳᠡᠨ ᠳᠤ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠠᠰᠢᠭ | ᠲᠤᠰᠠ ᠪᠣᠯᠣᠨ ᠡᠷᠬᠢᠮ ᠨᠠᠨᠳᠢᠨ ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠵᠤ᠂ ᠲᠤᠶᠢᠯ ᠤᠨ ᠴᠢᠬᠤᠯᠠ ᠶᠡᠭᠡ | ᠠᠴᠢ ᠬᠤᠯᠪᠣᠭᠳᠠᠯ ᠲᠠᠢ᠂ ᠠᠯᠤᠰ ᠬᠡᠳᠤ ᠶᠢᠨ ᠨᠥᠯᠥᠭᠡ ᠲᠠᠢ ᠶᠤᠮ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠡᠨᠡ ᠤᠳᠠᠭ᠎ᠠ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠨᠢ ᠡᠭᠦᠨ ᠠᠴᠠ ᠡᠮᠦᠨ᠎ᠡ ᠥᠪᠥᠷ | ᠮᠣᠩᠭᠤᠯ ᠳᠤ ᠲᠠᠯᠪᠢᠭᠰᠠᠨ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠲᠠᠢ ᠬᠠᠷᠢᠯᠴᠠᠨ ᠨᠡᠪᠲᠡᠷᠡᠯᠴᠡᠵᠦ᠂ ᠪᠦᠬᠦᠨ ᠢ ᠰᠦᠯᠪᠡᠵᠦ ᠪᠦᠭᠦᠳᠡ ᠶᠢ ᠬᠤᠯᠪᠤᠵᠦ ᠪᠠᠶᠢᠳᠠᠭ ᠮᠥᠷᠲᠡᠭᠡᠨ | ᠰᠢᠨ᠎ᠡ ᠦᠷᠭᠦᠯᠵᠢᠯᠡᠯ ᠥᠷᠭᠡᠵᠢᠯ᠂ ᠨᠡᠩ ᠥᠨᠳᠥᠷ ᠱᠠᠭᠠᠷᠳᠠᠯᠭ᠎ᠠ ᠲᠠᠢ ᠪᠣᠯᠤᠭᠰᠠᠨ ᠪᠠᠶᠢᠨ᠎ᠠ᠃ ᠪᠦᠬᠦ | ᠰᠢᠶᠠᠨ ᠢᠶᠠᠷ ᠢᠶᠠᠨ ︽ᠬᠤᠶᠠᠷ ᠢ ᠲᠣᠭᠲᠠᠭᠠᠭᠰᠠᠨ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ | ᠤᠯᠤᠰ ᠲᠥᠷᠥ ᠶᠢᠨ ᠥᠨᠳᠥᠷᠴᠡ ᠳᠡᠭᠡᠷ᠎ᠡ ᠵᠣᠭᠰᠣᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠩ | ᠰᠡᠳᠬᠢᠯ ᠤᠨ ᠨᠠᠶᠢᠳᠠᠯᠭ᠎ᠠ ᠶᠢ ᠤᠷᠤᠭᠰᠢᠯᠠᠯᠲᠠ ᠶᠢᠨ ᠵᠢᠯᠣᠭᠤᠳᠤᠮᠵᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ | ᠤᠨ ᠬᠠᠶᠢᠷ᠎ᠠ ᠬᠠᠯᠠᠮᠵᠢ ᠶᠢ ᠴᠢᠷᠮᠠᠶᠢᠨ ᠲᠡᠮᠡᠴᠡᠬᠦ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠥᠬᠦ | ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠨ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ | ᠵᠢᠷᠤᠭᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ | ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ | ᠡᠷᠡᠰ ᠭᠤᠶᠢᠪᠢᠰᠢ ᠦᠭᠡᠢ ᠪᠠᠷ ᠰᠠᠶᠢᠲᠤᠷ ᠪᠡᠶᠡᠯᠡᠭᠦᠯᠬᠦ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠤ ᠬᠥᠭᠵᠢᠯᠲᠡ ᠶᠢᠨ ᠰᠠᠶᠢᠨ ᠰᠠᠶᠢᠬᠠᠨ | ᠪᠠᠶᠢᠳᠠᠯ ᠢ ᠳᠠᠬᠢᠨ ᠢᠶᠠᠷ ᠨᠠᠨᠳᠢᠩᠨᠠᠵᠤ᠂ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠠᠴᠠ ᠪᠠᠶᠢᠷᠢ ᠲᠣᠭᠲᠠᠭᠠᠯᠲᠠ᠂ ᠡᠭᠦᠷᠭᠡ ᠡᠷᠢᠵᠦ᠂ ᠡᠯ᠎ᠡ ᠵᠦᠢᠯ ᠤᠨ ᠠᠵᠢᠯ ᠢ ᠨᠠᠮ | ᠪᠣᠯᠣᠨ ᠤᠯᠤᠰ ᠤᠨ ᠶᠡᠭᠡ ᠲᠠᠯ᠎ᠠ ᠠᠴᠠ ᠬᠢᠨᠠᠨ ᠦᠵᠡᠨ ᠠᠬᠢᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ | ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ | ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠮᠵᠢᠯᠲᠠ ᠪᠦᠲᠦᠮᠵᠢ ᠭᠠᠷᠭᠠᠬᠤ ᠶᠢ | ᠠᠬᠢᠭᠤᠯᠬᠤ ᠬᠡᠷᠡᠭᠲᠡᠢ︔ ᠢᠮᠠᠭᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠯ᠎ᠡ | ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ︔ | ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ | ᠰᠢᠯᠢᠳᠡᠭᠵᠢᠭᠦᠯᠵᠦ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤᠪᠠᠷ ᠴᠢᠨᠡᠭᠡᠯᠢᠭᠵᠢᠬᠦ ᠶᠢ | ᠪᠣᠳᠠᠲᠠᠢ ᠳᠤ ᠨᠠᠶᠢᠳᠠᠪᠤᠷᠢᠵᠢᠭᠤᠯᠵᠤ᠂ ᠠᠮᠵᠢᠯᠲᠠ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ︔ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡᠵᠢᠭᠦᠯᠦᠭᠴᠢ ᠠᠬᠢᠭᠤᠯᠤᠭᠴᠢ ᠪᠣᠯᠵᠤ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠵᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤᠪᠠᠷ ᠴᠢᠨᠡᠭᠡᠯᠢᠭᠵᠢᠨ | ᠨᠠᠶᠢᠳᠠᠪᠤᠷᠢᠵᠢᠭᠤᠯᠤᠭᠳᠠᠬᠤ ᠶᠢ ᠠᠬᠢᠭᠤᠯᠵᠤ᠂ ᠠᠮᠵᠢᠯᠲᠠ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ︔ | ᠦᠨᠳᠦᠰᠦᠲᠡᠨ ᠨᠦᠭᠦᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠬᠦᠴᠦᠯᠡᠨ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ | ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ︔ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ | ᠰᠤᠷᠲᠠᠯ ᠤᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ᠂ ᠠᠵᠢᠯᠯᠠᠭ᠎ᠠ ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠶᠢ | ᠠᠬᠢᠭᠤᠯᠬᠤ ᠬᠡᠷᠡᠭᠲᠡᠢ᠃ ᠪᠦᠬᠦ ᠰᠢᠶᠠᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠳᠤ ᠲᠠᠯᠠᠷᠬᠠᠨ | ᠡᠷᠡᠯᠬᠡᠭᠯᠡᠨ ᠤᠷᠤᠭᠰᠢᠯᠠᠬᠤ ᠶᠢ ᠬᠥᠲᠥᠯᠥᠨ ᠵᠢᠯᠤᠭᠤᠳᠴᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ | ︽ᠳᠦᠷᠪᠡᠨ ᠠᠵᠤ ᠦᠢᠯᠡᠰ ᠤᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ | ᠠᠬᠢᠭᠤᠯᠬᠤ ᠬᠡᠷᠡᠭᠲᠡᠢ᠃ ᠠᠵᠤ ᠦᠢᠯᠡᠰ ᠢ ᠶᠡᠬᠡᠪᠡᠷ ᠠᠳᠬᠤᠬᠤ᠂ ᠲᠥᠷᠥᠯ ᠵᠦᠢᠯ ᠢ ᠶᠡᠬᠡᠪᠡᠷ ᠠᠳᠬᠤᠬᠤ ᠲᠣᠭᠲᠠᠯ | ᠬᠦᠴᠦᠨ ᠢ ᠪᠠᠲᠤᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠰᠢᠶᠠᠨ ᠤ ᠬᠡᠪᠴᠢᠶᠡᠨ ᠤ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ | ᠮᠠᠯ ᠠᠵᠤ ᠠᠬᠤᠢ ᠶᠢᠨ ᠰᠠᠭᠤᠷᠢᠨ ᠭᠠᠵᠠᠷ ᠢ ᠪᠠᠶᠢᠭᠤᠯᠬᠤ ᠲᠠᠯ᠎ᠠ ᠪᠠᠷ᠂ ᠤᠯᠤᠰ ᠤᠨ ᠲᠠᠰ ᠤᠨ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠦᠬᠦ ᠬᠦᠴᠦᠨ ᠢᠶᠠᠷ ᠢᠶᠠᠨ ᠡᠭᠦᠳᠦᠨ | ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠡᠮᠦᠨ᠎ᠡ ᠦᠵᠦᠭᠦᠷ ᠤᠨ ᠰᠠᠭᠤᠷᠢ ᠶᠢ | ᠪᠠᠬᠢᠵᠢᠭᠦᠯᠵᠦ᠂ ᠲᠦᠷᠦᠭᠦᠦ ᠰᠢᠨᠵᠢᠯᠡᠬᠦ ᠤᠬᠠᠭᠠᠨᠲᠠᠨ ᠤ ᠠᠵᠢᠯ ᠤᠨ ᠥᠷᠲᠡᠭᠡ᠂ ᠲᠤᠰᠬᠠᠢ ᠮᠡᠷᠭᠡᠵᠢᠯᠲᠡᠨ ᠤ | ᠲᠤᠷᠰᠢᠯᠲᠠ ᠶᠢᠨ ᠵᠢᠱᠢᠶ᠎ᠡ ᠦᠵᠡᠭᠦᠯᠬᠦ ᠥᠷᠲᠡᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠳᠤ | ᠲᠦᠰᠢᠭᠯᠡᠨ᠂ ᠦᠷ᠎ᠡ ᠰᠣᠩᠭᠤᠨ ᠦᠷ᠎ᠡ ᠪᠣᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠲᠠᠷᠢᠶᠠᠴᠢᠨ ᠡᠷᠦᠬᠡ ᠶᠢ | ᠬᠥᠲᠥᠯᠥᠨ ᠵᠢᠯᠤᠭᠤᠳᠴᠤ ᠲᠥᠮᠥᠰᠥ᠂ ᠨᠣᠬᠠᠢ ᠶᠢᠨ ᠬᠤᠰᠢᠭᠤ᠂ ᠨᠣᠶᠢᠯ ᠪᠤᠭᠤᠳᠠᠢ᠂ ᠤᠯᠠᠭᠠᠨ ᠪᠤᠭᠤᠳᠠᠢ᠂ | ᠬᠦᠢᠲᠡᠨ ᠰᠡᠷᠢᠭᠦᠨ ᠢᠳᠡᠰᠢᠨ ᠨᠣᠭᠤᠭ᠎ᠠ ᠵᠡᠷᠭᠡ ᠳᠠᠪᠠᠭᠤᠯᠢᠭ ᠲᠠᠷᠢᠮᠠᠯ ᠢ ᠬᠡᠪᠴᠢᠶᠡᠵᠢᠭᠦᠯᠦᠨ ᠳᠠᠷᠢᠭᠤᠯᠵᠤ᠂ | ᠲᠠᠷᠢᠶᠠᠴᠢᠨ ᠡᠷᠦᠬᠡ ᠶᠢᠨ ᠠᠰᠢᠭ ᠣᠷᠣᠯᠭ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠠᠵᠤ ᠠᠬᠤᠶᠢᠯᠠᠯ ᠤᠨ | ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠳᠠᠭᠠᠭᠤᠯᠤᠭᠴᠢ ᠠᠵᠤ | ᠠᠬᠤᠶᠢᠯᠠᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠨᠡᠩ ᠤᠯᠠᠨ ︽ᠬᠡᠯᠬᠢᠶ᠎ᠡ︾ | ᠶᠢᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ | ᠣᠯᠬᠤ ᠶᠢ ᠠᠬᠢᠭᠤᠯᠵᠤ᠂ ︽ᠲᠤᠶᠢᠯ ᠳᠤᠨᠢ ᠬᠦᠷᠲᠡᠯ᠎ᠡ ᠠᠰᠢᠭᠯᠠᠬᠤ︾ ᠪᠦᠬᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢᠨ ᠵᠠᠭᠪᠤᠷ ᠢ ᠪᠦᠷᠢᠯᠳᠦᠭᠦᠯᠬᠦ ᠬᠡᠷᠡᠭᠲᠡᠢ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ | ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠦᠴᠤᠸᠠᠨ ᠤ | ᠦᠨᠦᠷ ᠠᠮᠲᠠ︾ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠪᠠᠷ ᠭᠤᠣᠯ ᠪᠣᠯᠭᠠᠨ᠂ | ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠨᠠᠩ ᠣᠯᠠᠨ ︽ᠦᠴᠦᠸᠠᠨ ᠰᠢᠰᠲ᠋ᠧᠮ︾ ᠤᠨ ᠥᠨᠳᠦᠷᠯᠢᠭ ᠤᠨ ᠣᠨᠴᠠᠯᠢᠭᠲᠤ | ᠲᠠᠷᠢᠶᠠᠯᠠᠩ ᠤᠨ ᠪᠦᠲᠦᠭᠡᠭᠳᠡᠬᠦᠨ ᠢ ᠤᠯᠤᠰ ᠤᠨ ᠨᠠᠷᠠᠲᠤ ᠲᠠᠸᠠᠷ ᠤᠨ ᠲᠡᠮᠳᠡᠭ ᠪᠠ ᠭᠠᠵᠠᠷ ᠵᠦᠢ ᠶᠢᠨ | ᠢᠯᠡᠷᠬᠡᠶᠢᠯᠡᠯᠲᠦ ᠲᠠᠸᠠᠷ ᠤᠨ ᠲᠡᠮᠳᠡᠭ ᠤᠨ ᠡᠩᠨᠡᠭᠡᠨ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠦᠴᠦᠸᠠᠨ ᠤ | ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠭᠡᠳᠦ ᠲᠠᠰ ᠤᠨ | ᠵᠠᠬ᠎ᠠ ᠳᠡᠯᠭᠡᠭᠦᠷ ᠲᠤ ᠣᠷᠣᠭᠤᠯᠵᠤ᠂ ᠰᠠᠶᠢᠨ ᠦᠨ᠎ᠡ ᠪᠠᠷ ᠬᠤᠳᠠᠯᠳᠤᠬᠤ ᠬᠡᠷᠡᠭᠲᠡᠢ᠃ ᠰᠣᠶᠣᠯ ᠵᠤᠭᠠᠴᠠᠯ ᠤᠨ | ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠠᠶᠢᠭᠤᠯᠬᠤ ᠲᠠᠯ᠎ᠠ ᠪᠠᠷ᠂ ᠠᠮᠢ ᠠᠬᠤᠢ ᠶᠢᠨ ᠵᠢᠭᠤᠯᠴᠢᠯᠠᠯ᠂ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠲᠡᠦᠬᠡ ᠰᠣᠶᠣᠯ ᠤᠨ ᠵᠢᠭᠤᠯᠴᠢᠯᠠᠯ ᠤᠨ ᠳᠠᠯᠳᠠ ᠬᠦᠴᠦᠨ ᠢ | ᠭᠦᠢᠴᠡᠳ ᠪᠠᠳᠠᠷᠠᠭᠤᠯᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠥᠬᠦ | ᠲᠠᠯ᠎ᠠ ᠪᠠᠷ ᠲᠥᠯᠥᠪᠯᠡᠬᠦ ᠶᠢ ᠪᠠᠷᠢᠮᠲᠠᠯᠠᠵᠤ᠂ ᠬᠠᠳᠠᠲᠤ ᠬᠠᠭᠠᠯᠭ᠎ᠠ ᠶᠢᠨ ᠤᠯᠤᠰ ᠤᠨ ᠣᠶ ᠰᠢᠭᠤᠢ ᠶᠢᠨ ᠴᠡᠴᠡᠷᠯᠢᠭ᠂ | ᠨᠠᠭᠤᠷ ᠤᠨ ᠰᠢᠯᠢ ᠵᠡᠷᠭᠡ ᠪᠠᠷ ᠭᠤᠣᠯᠯᠠᠭᠤᠯᠤᠨ ᠲᠠᠯ᠎ᠠ ᠨᠤᠲᠤᠭ ᠤᠨ ᠵᠢᠭᠤᠯᠴᠢᠯᠠᠯ ᠤᠨ ᠵᠢᠭᠤᠯᠴᠢᠯᠠᠯ ᠤᠨ ᠪᠦᠰᠡ ᠶᠢ | ᠪᠣᠶ ᠪᠣᠯᠭᠠᠵᠤ᠂ ᠬᠤᠲᠠ ᠪᠠᠯᠭᠠᠰᠤ ᠶᠢᠨ ᠡᠷᠬᠢᠨ ᠲᠣᠭᠤᠷᠢᠨ ᠢᠶᠠᠷ ᠭᠤᠣᠯᠯᠠᠭᠤᠯᠤᠨ ᠦᠵᠡᠮᠵᠢᠲᠦ ᠬᠤᠲᠠ ᠶᠢᠨ | ᠠᠭᠤᠰᠤᠯᠴᠠᠭᠰᠠᠨ ᠵᠢᠭᠤᠯᠴᠢᠯᠠᠯ ᠤᠨ ᠪᠦᠰᠡ ᠶᠢ ᠪᠣᠶ ᠪᠣᠯᠭᠠᠵᠤ᠂ G209᠂ S311᠂ S104᠂ ᠬᠠᠭᠤᠴᠢᠨ | ᠬᠥᠬᠡᠬᠤᠲᠠ ᠠᠴᠠ ᠦᠴᠦᠸᠠᠨ ᠬᠦᠷᠬᠦ ᠵᠠᠰᠠᠮᠠᠯ ᠵᠠᠮ ᠵᠡᠷᠭᠡ 4 ᠭᠤᠣᠯ ᠵᠠᠮ ᠢᠶᠠᠷ ᠭᠤᠣᠯᠯᠠᠭᠤᠯᠤᠨ ᠲᠠᠷᠢᠶᠠᠯᠠᠩ | ᠵᠢᠭᠤᠯᠴᠢᠯᠠᠯ ᠤᠨ ᠠᠭᠤᠰᠤᠯᠴᠠᠭᠰᠠᠨ ᠵᠢᠭᠤᠯᠴᠢᠯᠠᠯ ᠤᠨ ᠪᠦᠰᠡ ᠶᠢ ᠪᠣᠶ ᠪᠣᠯᠭᠠᠵᠤ᠂ ᠣᠷᠣᠨ ᠤ ᠲᠥᠪ ᠤᠨ ︽ | ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ︾ ᠤᠨ ᠪᠦᠲᠦᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ | ᠠᠭᠤᠰᠤᠯᠴᠠᠭᠤᠯᠤᠨ᠎ᠠ᠃ ᠴᠡᠪᠡᠷ ᠡᠨᠧᠷᠭᠢ ᠶᠢᠨ ᠭᠠᠷᠭᠠᠯᠲᠠ ᠶᠢᠨ ᠰᠠᠭᠤᠷᠢᠨ ᠭᠠᠵᠠᠷ ᠢ ᠪᠠᠶᠢᠭᠤᠯᠬᠤ ᠲᠠᠯ᠎ᠠ ᠪᠠᠷ᠂ | ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠴᠡᠪᠡᠷ ᠡᠨᠧᠷᠭᠢ ᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠭᠦᠢᠴᠡᠳᠬᠡᠯ ᠲᠤᠭ᠎ᠠ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠴᠡᠪᠡᠷ ᠡᠨᠧᠷᠭᠢ ᠶᠢᠨ | ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠴᠠᠬᠢᠯᠭᠠᠨ | ᠬᠦᠴᠦᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠳᠠᠭᠰᠢ ᠬᠦᠷᠭᠡᠬᠦ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠴᠡᠪᠡᠷ ᠡᠨᠧᠷᠭᠢ ᠶᠢᠨ ᠰᠤᠷᠪᠤᠯᠵᠢ ᠶᠢᠨ ᠤᠰᠤᠲᠥ᠋ᠷᠥᠭᠴᠢ ᠦᠢᠯᠡᠳᠬᠦ᠂ | ᠡᠨᠧᠷᠭᠢ ᠬᠠᠳᠠᠭᠠᠯᠠᠬᠤ ᠵᠡᠷᠭᠡ ᠲᠠᠯ᠎ᠠ ᠪᠠᠷ ᠰᠢᠪᠲᠤᠯᠤᠯᠲᠠ ᠭᠠᠷᠭᠠᠵᠤ᠂ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ | ᠦᠢᠯᠡᠰ ᠤᠨ ᠨᠡᠮᠡᠯᠲᠡ ᠦᠷᠳᠡᠭ ᠢ ᠳᠡᠭᠡᠭᠰᠢᠯᠡᠭᠦᠯᠬᠦ ᠬᠡᠷᠡᠭᠲᠡᠢ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠰᠠᠭᠤᠷᠢᠨ ᠭᠠᠵᠠᠷ ᠢ ᠪᠠᠶᠢᠭᠤᠯᠬᠤ ᠲᠠᠯ᠎ᠠ ᠪᠠᠷ᠂ ᠲᠡᠮᠦᠷ᠂ ᠭᠠᠨᠳᠢᠭ ᠴᠢᠯᠠᠭᠤᠯᠢᠭ᠂ ᠪᠣᠷᠵᠢᠨ | ᠴᠢᠯᠠᠭᠤᠯᠢᠭ᠂ ᠠᠯᠲᠠ᠂ ᠨᠢᠦᠪᠢ ᠲᠠᠨᠲ᠋ᠠᠯ᠂ ᠲᠠᠯᠠᠰᠲᠤ ᠪᠠᠯ ᠴᠢᠯᠠᠭᠤ ᠵᠡᠷᠭᠡ ᠳᠠᠪᠠᠭᠤᠯᠢᠭ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠬᠡᠪᠴᠢᠶᠡᠵᠢᠭᠦᠯᠦᠨ ᠨᠡᠭᠡᠭᠡᠨ ᠮᠠᠯᠲᠠᠬᠤ᠂ ᠡᠷᠴᠢᠮᠵᠢᠭᠦᠯᠦᠨ ᠠᠰᠢᠭᠯᠠᠬᠤ ᠶᠢ | ᠲᠦᠷᠭᠡᠳᠬᠡᠵᠦ᠂ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠢ ᠪᠥᠬᠦ ᠲᠠᠯ᠎ᠠ ᠪᠠᠷ ᠠᠮᠢᠳᠤᠯᠢᠭ ᠪᠣᠯᠭᠠᠵᠤ᠂ | ᠪᠣᠬᠢᠷᠲᠤᠯ ᠦᠭᠡᠢ ᠠᠭᠤᠷᠬᠠᠢ ᠬᠢᠭᠡᠳ ᠳᠡᠭᠡᠳᠦ ᠳᠣᠣᠷᠠᠳᠤ ᠤᠷᠤᠰᠬᠠᠯ ᠤᠨ ᠪᠣᠬᠢᠷᠲᠤᠯ ᠦᠭᠡᠢ ᠪᠠᠷᠢᠯᠭ᠎ᠠ ᠶᠢᠨ | ᠮᠠᠲ᠋ᠧᠷᠢᠶᠠᠯ ᠤᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠦᠷᠢᠶᠡᠯᠡᠩ | ᠲᠣᠭᠤᠷᠢᠭ ᠤᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠲᠠᠯ᠎ᠠ ᠪᠠᠷ᠂ ᠰᠢᠨ᠎ᠡ ᠨᠢᠭᠡ ᠡᠭᠡᠯᠵᠢ ᠶᠢᠨ | ᠬᠦᠷᠢᠶᠡᠯᠡᠩ ᠲᠣᠭᠤᠷᠢᠭ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠠᠵᠠ ᠲᠣᠬᠢᠶᠠᠯ ᠢ ᠠᠳᠬᠤᠨ᠂ ᠨᠡᠭᠡᠭᠡᠯᠲᠡ ᠶᠢᠨ | ᠲᠣᠭᠤᠷᠢᠭ ᠢ ᠰᠢᠨ᠎ᠡ ᠪᠠᠷ ᠪᠠᠶᠢᠭᠤᠯᠬᠤ ᠪᠠᠷ ᠢᠳᠡᠪᠬᠢᠲᠡᠢ ᠴᠢᠷᠮᠠᠶᠢᠵᠤ᠂ ᠥᠨᠳᠦᠷᠯᠢᠭ ᠤᠨ ᠣᠨᠴᠠᠯᠢᠭᠲᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠣᠭᠤᠷᠢᠭ᠂ ᠪᠣᠬᠢᠷᠲᠤᠯ ᠦᠭᠡᠢ | ᠠᠵᠤ ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ ᠪᠠ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠵᠡᠷᠭᠡ | ᠭᠤᠷᠪᠠᠨ ᠬᠡᠰᠡᠭ ᠬᠤᠪᠢᠶᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ | ᠪᠣᠯᠪᠠᠰᠤᠷᠠᠭᠤᠯᠬᠤ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ᠂ ᠴᠡᠪᠡᠷ ᠡᠨᠧᠷᠭᠢ ᠶᠢᠨ ᠳᠡᠭᠡᠳᠦ ᠳᠣᠣᠷᠠᠳᠤ | ᠤᠷᠤᠰᠬᠠᠯ ᠤᠨ ᠭᠤᠷᠪᠠᠨ ᠭᠤᠣᠯᠯᠠᠬᠤ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠬᠦ ᠬᠡᠷᠡᠭᠲᠡᠢ᠃ ᠳᠡᠭᠡᠳᠦ | ᠪᠠᠷᠢᠮᠵᠢᠶ᠎ᠠ ᠪᠠᠷ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ ᠶᠢ ᠰᠠᠶᠢᠲᠤᠷ ᠬᠢᠵᠦ᠂ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠦᠬᠦᠰᠢᠷᠡᠮᠡᠯ ᠠᠵᠤ ᠠᠬᠤᠶᠢᠯᠠᠯ ᠢ ᠪᠥᠬᠦ ᠲᠠᠯ᠎ᠠ ᠪᠠᠷ ᠠᠮᠢᠳᠤᠯᠢᠭ | ᠪᠣᠯᠭᠠᠵᠤ᠂ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢᠨ ᠬᠦᠴᠦᠯᠡᠴᠡ ᠶᠢ ᠳᠡᠭᠡᠭᠰᠢᠯᠡᠭᠦᠯᠦᠨ᠂ | ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ ᠶᠢ | ᠲᠡᠷᠢᠭᠦᠨ ᠳᠤ ᠲᠠᠯᠪᠢᠵᠤ᠂ ᠣᠷᠣᠨ ᠤ ᠲᠥᠪ ᠤᠨ ᠬᠤᠶᠢᠲᠤ ᠬᠡᠰᠡᠭ ᠤᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠪᠠᠬᠢ ᠪᠠᠶᠢᠭᠤᠯᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ | ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠡᠮᠦᠨᠡᠲᠦ ᠬᠡᠰᠡᠭ ᠤᠨ ᠭᠠᠵᠠᠷ ᠣᠷᠣᠨ ᠳᠤ ᠠᠭᠤᠯᠠ ᠶᠢ | ᠪᠢᠲᠡᠭᠦᠮᠵᠢᠯᠡᠨ ᠪᠣᠶᠢᠵᠢᠭᠤᠯᠬᠤ᠂ ᠮᠣᠳᠣ ᠲᠠᠷᠢᠵᠤ ᠣᠶᠢᠵᠢᠭᠤᠯᠬᠤ ᠪᠠᠷ ᠭᠤᠣᠯ ᠪᠣᠯᠭᠠᠵᠤ᠂ ᠤᠢ ᠰᠢᠭᠤᠢ ᠶᠢᠨ ᠶᠠᠰᠤ | ᠴᠢᠨᠠᠷ ᠢ ᠳᠡᠭᠡᠭᠰᠢᠯᠡᠭᠦᠯᠵᠦ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠬᠦ ᠬᠡᠷᠡᠭᠲᠡᠢ︔ ᠳᠤᠮᠳᠠ ᠬᠡᠰᠡᠭ ᠤᠨ ᠭᠠᠵᠠᠷ | ᠣᠷᠣᠨ ᠳᠤ ᠲᠠᠷᠢᠶᠠᠨ ᠭᠠᠵᠠᠷ ᠤᠨ ᠬᠠᠯᠬᠠᠪᠴᠢ ᠤᠢ ᠶᠢᠨ ᠪᠦᠲᠦᠭᠡᠨ ᠪᠠᠶᠢᠭᠤᠯᠤᠯᠲᠠ ᠪᠠ ᠦᠷ᠎ᠡ ᠠᠰᠢᠭ ᠢᠶᠠᠷ | ᠳᠣᠣᠷ᠎ᠠ ᠤᠢ ᠶᠢ ᠥᠭᠡᠷᠡᠴᠢᠯᠡᠬᠦ ᠪᠠᠷ ᠭᠤᠣᠯ ᠪᠣᠯᠭᠠᠵᠤ᠂ ᠲᠠᠯ᠎ᠠ ᠭᠠᠵᠠᠷ ᠲᠠᠷᠢᠶᠠᠨ ᠭᠠᠵᠠᠷ ᠤᠢ ᠰᠢᠭᠤᠢ ᠶᠢᠨ | ᠲᠣᠣᠷ ᠢ ᠬᠠᠮᠠᠭᠠᠯᠠᠵᠤ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠬᠦ ᠬᠡᠷᠡᠭᠲᠡᠢ︔ ᠤᠮᠠᠷᠠᠲᠤ ᠬᠡᠰᠡᠭ ᠤᠨ ᠭᠠᠵᠠᠷ | ᠣᠷᠣᠨ ᠳᠤ ᠮᠠᠭᠤᠳᠠᠭᠰᠠᠨ ᠨᠤᠲᠤᠭ ᠪᠡᠯᠴᠢᠭᠡᠷ ᠢ ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠰᠠᠯᠬᠢ ᠶᠢ ᠬᠠᠯᠬᠠᠯᠠᠨ | ᠡᠯᠡᠰᠦ ᠶᠢ ᠲᠣᠭᠲᠠᠪᠤᠷᠢᠵᠢᠭᠤᠯᠬᠤ ᠰᠡᠯᠪᠢᠨ ᠵᠠᠰᠠᠬᠤ ᠶᠡᠷᠦᠩᠬᠡᠶᠢᠯᠡᠭᠰᠡᠨ ᠵᠠᠰᠠᠯᠲᠠ ᠶᠢ ᠬᠡᠷᠡᠭᠵᠢᠭᠦᠯᠬᠦ ᠬᠡᠷᠡᠭᠲᠡᠢ︔ | ᠭᠤᠣᠯ ᠬᠤᠳᠠ ᠶᠢᠨ ᠲᠣᠭᠤᠷᠢᠭ ᠲᠤ ᠪᠠᠯᠭᠠᠰᠤ ᠵᠢᠴᠢ ᠡᠷᠬᠢᠨ ᠲᠣᠭᠤᠷᠢᠨ ᠤ ᠬᠢᠨ ᠭᠤᠣᠯᠳᠠᠯᠭ᠎ᠠ ᠲᠠᠢ ᠣᠷᠣᠨ | ᠪᠦᠰᠡ ᠶᠢᠨ ᠨᠣᠭᠤᠭᠠᠷᠠᠭᠤᠯᠤᠯᠲᠠ ᠶᠢ ᠥᠷᠨᠢᠭᠦᠯᠵᠦ᠂ ᠡᠯ᠎ᠡ ᠰᠢᠶᠠᠩ ᠪᠠᠯᠭᠠᠰᠤ ᠳᠤ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠡᠩ ᠤᠯᠠᠨ ᠨᠡᠶᠢᠭᠡᠮ ᠤᠨ | ᠬᠥᠷᠥᠩᠭᠡ ᠶᠢ ᠣᠷᠣᠭᠤᠯᠤᠨ ᠠᠮᠢ ᠠᠬᠤᠢ ᠶᠢ ᠰᠡᠷᠭᠦᠭᠡᠨ ᠵᠠᠰᠠᠬᠤ ᠳᠤ ᠣᠷᠤᠯᠴᠠᠭᠤᠯᠬᠤ ᠬᠡᠷᠡᠭᠲᠡᠢ᠃ ᠣᠶ ᠰᠢᠭᠤᠢ | ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ | ᠣᠷᠣᠨ ᠪᠦᠰᠡ ᠪᠠᠷ ᠢᠶᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠦᠨ᠂ ᠣᠶ ᠰᠢᠭᠤᠢ ᠶᠢᠨ ᠡᠪᠡᠳᠴᠢᠨ | ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠠ ᠣᠶ ᠰᠢᠭᠤᠢ ᠶᠢᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ | ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠵᠦ᠂ | ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ | ᠭᠤᠣᠯ ᠮᠥᠷᠡᠨ ᠨᠠᠭᠤᠷ ᠴᠥᠭᠦᠷᠥᠮ ᠢ ︽ᠲᠦᠷᠪᠡᠨ ᠲᠤᠷ᠎ᠠ ᠪᠠᠷ ᠢᠶᠠᠨ ᠢ ᠠᠷᠢᠯᠭᠠᠬᠤ︾᠂ ᠬᠥᠷᠥᠰᠥ ᠰᠢᠷᠣᠢ ᠶᠢᠨ | ᠪᠣᠬᠢᠷᠲᠤᠯ ᠪᠠ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠬᠦ | ᠬᠡᠷᠡᠭᠲᠡᠢ᠃ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠰᠠᠶᠢᠲᠤᠷ ᠠᠳᠬᠤᠵᠤ᠂ ︽ᠲᠠᠪᠤ ᠶᠢ | ᠲᠤᠶᠢᠯᠪᠤᠷᠢᠲᠠᠢ ᠪᠠᠶᠢᠴᠠᠭᠠᠬᠤ︾ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠥᠬᠦ ᠣᠷᠣᠨ | ᠪᠦᠰᠡ ᠶᠢᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠂ ᠭᠠᠵᠠᠷ ᠰᠢᠷᠣᠢ ᠶᠢ ᠶᠡᠷᠦᠩᠬᠡᠶᠢᠯᠡᠨ | ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ︽ᠤᠰᠤ ᠪᠠᠷ ᠳᠥᠷᠪᠡ ᠶᠢ ᠲᠣᠭᠲᠠᠭᠠᠬᠤ︾ | ᠵᠠᠷᠴᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠰᠤᠨ ᠤ ᠡᠬᠢ ᠪᠠᠶᠠᠯᠢᠭ ᠤᠨ ︽ᠭᠤᠷᠪᠠᠨ ᠤᠯᠠᠭᠠᠨ ᠱᠤᠭᠤᠮ︾ | ᠤᠨ ᠭᠦᠢᠴᠡᠳᠬᠡᠬᠦ ᠲᠤᠭ᠎ᠠ ᠶᠢ ᠪᠠᠲᠤ ᠰᠠᠬᠢᠵᠤ᠂ ᠤᠰᠤ ᠠᠷᠪᠢᠯᠠᠬᠤ ᠤᠰᠤᠯᠠᠯᠲᠠ ᠶᠢᠨ ᠲᠠᠷᠢᠶᠠᠯᠠᠩ ᠢ ᠬᠥᠭᠵᠢᠭᠦᠯᠦᠨ᠂ | ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ | ᠬᠦᠷᠢᠶᠡᠨ ᠳᠠᠬᠢ ᠠᠷᠪᠢᠯᠠᠯᠲᠠ ᠶᠢ ᠲᠦᠯᠬᠢᠨ ᠠᠬᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠳᠠ | ᠦᠭᠡᠢ ᠨᠡᠮᠡᠭᠳᠡᠭᠦᠯᠵᠦ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠢ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠡᠪᠴᠢᠶᠡᠵᠢᠯ ᠤᠨ | ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠰᠠᠶᠢᠲᠤᠷ ᠰᠠᠬᠢᠭᠰᠠᠨ ᠰᠠᠭᠤᠷᠢᠨ ᠳᠡᠭᠡᠷ᠎ᠡ᠂ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠵᠤ᠂ | ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠤᠷᠭᠠᠨ | ᠬᠥᠮᠦᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ | ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ | ︾ ᠬᠤᠰᠢᠭᠤ ᠰᠢᠶᠠᠨ ᠢ ᠪᠥᠬᠦ ᠬᠦᠴᠦᠨ ᠢᠶᠠᠷ ᠢᠶᠠᠨ ᠴᠢᠷᠮᠠᠶᠢᠨ ᠪᠠᠶᠢᠭᠤᠯᠵᠤ᠂ ᠨᠡᠶᠢᠰᠯᠡᠯ ᠤᠨ ᠴᠢᠨᠠᠷ ᠰᠠᠶᠢᠲᠠᠢ | ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠰᠢᠭᠯᠠᠨ᠂ ᠦᠴᠦᠸᠠᠨ ᠰᠢᠶᠠᠨ ᠤ ᠵᠢᠶᠠᠨ ᠬᠤᠸᠠ ︵ᠪᠡᠭᠡᠵᠢᠩ︶ ᠶᠢᠨ | ᠰᠤᠷᠭᠠᠨ ᠬᠥᠮᠦᠵᠢᠯ ᠤᠨ ᠪᠦᠯᠦᠭᠯᠡᠯ ᠢ ᠪᠠᠶᠢᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ | ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠴᠢᠳᠠᠪᠤᠷᠢᠲᠠᠨ ᠤ ᠡᠩᠨᠡᠭᠡ ᠪᠠ ᠭᠤᠣᠯᠳᠠᠯᠭ᠎ᠠ ᠲᠠᠢ | ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠡᠮᠴᠢᠯᠡᠭᠡᠨ ᠤ ᠦᠢᠯᠡᠴᠢᠯᠡᠭᠡᠨ ᠤ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠵᠦ᠂ ᠪᠦᠬᠦ ᠰᠢᠶᠠᠨ ᠤ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠢ ᠠᠮᠢᠳᠤᠯᠢᠭ | ᠪᠣᠯᠭᠠᠵᠤ᠂ ᠪᠦᠬᠦ ᠰᠢᠶᠠᠨ ᠳᠤ ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠰᠢᠨ᠎ᠡ ᠵᠠᠭᠪᠤᠷ ᠢ ᠳᠡᠯᠭᠡᠷᠡᠭᠦᠯᠦᠨ | ᠲᠦᠭᠡᠮᠡᠯᠵᠢᠭᠦᠯᠬᠦ ᠬᠡᠷᠡᠭᠲᠡᠢ᠃ ᠬᠤᠲᠠ ᠪᠠᠯᠭᠠᠰᠤ ᠶᠢᠨ ᠴᠢᠳᠠᠮᠵᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠂ ᠬᠤᠲᠠ ᠪᠠᠯᠭᠠᠰᠤ ᠶᠢ ᠨᠣᠭᠤᠭᠠᠷᠠᠭᠤᠯᠬᠤ᠂ | ᠭᠤᠶᠣᠵᠢᠭᠤᠯᠬᠤ᠂ ᠭᠡᠷᠡᠯᠲᠦᠭᠦᠯᠬᠦ᠂ ᠴᠡᠪᠡᠷᠰᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠲᠠ | ᠪᠠᠯᠭᠠᠰᠤ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠡᠷᠡᠰ ᠪᠠᠲᠤ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠶᠡᠭᠡ | ᠲᠠᠯ᠎ᠠ ᠶᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ᠡᠯ᠎ᠡ ᠵᠦᠢᠯ ᠤᠨ ᠠᠵᠢᠯ ᠳᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ︽ᠨᠠᠢᠮᠠ ᠳᠤ ᠤᠷᠤᠭᠤᠯᠬᠤ︾ ᠠᠵᠢᠯ ᠢ ᠭᠦᠨᠵᠡᠭᠡᠢ ᠥᠷᠨᠢᠭᠦᠯᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠠᠵᠤ ᠦᠢᠯᠡᠰ ᠤᠨ ᠬᠥᠭᠵᠢᠯᠲᠡ᠂ ᠬᠤᠲᠠ ᠪᠠᠯᠭᠠᠰᠤ ᠶᠢᠨ | ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠯᠤᠭ᠎ᠠ ᠠᠭᠤᠰᠤᠯᠴᠠᠭᠤᠯᠤᠨ ᠨᠢᠭᠡ ᠴᠣᠭᠴᠠ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ | ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠬᠤ ᠬᠡᠷᠡᠭᠲᠡᠢ᠃ ︽ᠤᠮᠠᠷᠠᠲᠤ ᠶᠢᠨ ᠰᠣᠶᠣᠯ︾ ᠢ ᠰᠤᠳᠤᠯᠤᠨ | ᠲᠠᠶᠢᠯᠪᠤᠷᠢᠯᠠᠬᠤ ᠪᠠ ᠤᠬᠠᠭᠤᠯᠤᠨ ᠳᠡᠯᠭᠡᠷᠡᠭᠦᠯᠬᠦ ᠶᠢ ᠭᠦᠨᠵᠡᠭᠡᠶᠢᠷᠡᠭᠦᠯᠵᠦ᠂ ᠮᠠᠨ ᠤ ᠰᠢᠶᠠᠨ ᠤ ᠲᠡᠦᠬᠡ ᠰᠣᠶᠣᠯ᠂ | ᠬᠤᠪᠢᠰᠬᠠᠯ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠰᠠᠶᠢᠲᠤᠷ ᠶᠠᠷᠢᠵᠤ ᠨᠡᠪᠳᠡᠷᠡᠳᠡᠯ᠎ᠠ ᠶᠠᠷᠢᠬᠤ ᠬᠡᠷᠡᠭᠲᠡᠢ᠃ | ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠦᠭᠡᠢ | ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠰᠠᠶᠢᠲᠤᠷ ᠡᠵᠡᠮᠰᠢᠬᠦ ᠪᠠ ᠰᠠᠶᠢᠲᠤᠷ ᠬᠡᠷᠡᠭᠯᠡᠬᠦ ᠶᠢ ᠦᠨᠡᠨᠬᠦ ᠪᠠᠲᠤᠯᠠᠨ᠎ᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠴᠢᠬᠤᠯᠠ | ᠱᠠᠭᠠᠷᠳᠠᠯᠭ᠎ᠠ ᠳᠤ ᠴᠢᠭᠯᠡᠭᠦᠯᠦᠨ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠭᠡ ᠪᠠᠷ ᠳᠡᠯᠭᠡᠷᠡᠭᠦᠯᠵᠦ᠂ ᠠᠷᠢᠭᠤᠨ ᠴᠢᠬᠡᠴᠢ | ᠰᠤᠷᠲᠠᠯ ᠢ ᠪᠠᠳᠠᠷᠠᠭᠤᠯᠤᠨ᠂ ᠠᠷᠪᠢᠴᠢ ᠪᠣᠷᠣᠭᠵᠢᠭᠤᠨ ᠰᠤᠷᠲᠠᠯ ᠢ ᠪᠤᠢ ᠪᠣᠯᠭᠠᠵᠤ᠂ ᠮᠣᠩᠭᠤᠯ ᠮᠣᠷᠢᠨ ᠤ ᠵᠣᠷᠢᠭ | ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠦᠵᠡᠯ | ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠠᠵᠢᠯ ᠤᠨ | ᠦᠷ᠎ᠡ ᠪᠦᠲᠦᠮᠵᠢ ᠪᠠᠨ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ︽ᠬᠡᠪᠲᠡᠬᠦ︾ ᠰᠡᠳᠬᠢᠴᠡ ᠶᠢᠨ | ᠪᠠᠶᠢᠳᠠᠯ ᠢ ᠲᠠᠰᠤ ᠵᠣᠭᠰᠣᠭᠠᠵᠤ᠂ ︽ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ︾ ᠭᠡᠬᠦ ᠣᠶᠢᠯᠠᠭᠠᠭᠳᠠᠬᠤᠨ ᠢ | ᠪᠠᠲᠤ ᠪᠣᠶ ᠪᠣᠯᠭᠠᠬᠤ ᠬᠡᠷᠡᠭᠲᠡᠢ︔ ︽ᠰᠠᠯᠠᠩ ᠵᠠᠳᠠᠭᠠᠢ︾ ᠪᠠᠶᠢᠳᠠᠯ ᠢ ᠲᠠᠰᠤ ᠵᠣᠭᠰᠣᠭᠠᠵᠤ᠂ ︽ᠪᠣᠳᠠᠲᠠᠢ | ᠠᠵᠢᠯᠯᠠᠬᠤ ᠪᠣᠯ ᠴᠣᠷ ᠤᠨ ᠭᠠᠭᠴᠠ ᠭᠠᠷᠬᠤ ᠵᠠᠮ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠬᠤ | ᠬᠡᠷᠡᠭᠲᠡᠢ︔ ︽ᠪᠡᠷᠬᠡᠰᠢᠶᠡᠬᠦ︾ ᠰᠡᠳᠬᠢᠯᠭᠡ ᠶᠢ ᠲᠠᠰᠤ ᠵᠣᠭᠰᠣᠭᠠᠵᠤ᠂ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ | ᠪᠣᠯ ᠠᠰᠠᠭᠤᠳᠠᠯ ᠢ ᠰᠢᠢᠳᠪᠦᠷᠢᠯᠡᠬᠦ ᠵᠠᠩᠭᠢᠯᠠᠭ᠎ᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠬᠡᠷᠡᠭᠲᠡᠢ︔ | ︽ᠲᠦᠯᠬᠢᠯᠴᠡᠬᠦ︾ ᠪᠤᠳᠤᠯ ᠢ ᠲᠡᠪᠴᠢᠵᠦ᠂ ︽ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠪᠣᠯ ᠶᠠᠪᠤᠳᠠᠯ ᠪᠦᠲᠦᠭᠡᠬᠦ ᠶᠢᠨ | ᠤᠷᠢᠲᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ᠃ ᠺᠠᠳ᠋ᠷᠴᠤᠳ ᠤᠨ ᠬᠠᠷᠢᠭᠤᠴᠠᠯᠭ᠎ᠠ | ᠡᠭᠦᠷᠭᠡᠯᠡᠨ ᠠᠵᠢᠯ ᠦᠢᠯᠡᠰ ᠪᠦᠲᠦᠭᠡᠬᠦ ᠶᠢ ᠤᠯᠠᠮ ᠨᠢᠭᠡ ᠠᠯᠬᠤᠮ ᠤᠷᠮᠠᠰᠢᠭᠤᠯᠤᠨ ᠵᠣᠷᠢᠭᠵᠢᠭᠤᠯᠵᠤ᠂ ᠠᠵᠢᠯ ᠬᠢᠵᠦ | ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠪᠥᠬᠦᠳᠡ ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ | ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠡᠯ᠎ᠡ | ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠦᠨᠡᠨ ᠪᠣᠳᠠᠲᠠᠢ ᠠᠵᠢᠯ ᠤᠨ | ᠦᠷ᠎ᠡ ᠪᠦᠲᠦᠮᠵᠢ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠳᠤ ᠬᠢᠷᠢ | ᠲᠡᠩᠴᠡᠭᠰᠡᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠤᠷᠢᠶᠠᠯᠠᠪᠠ᠃ | | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |