ᠨᠣᠬᠠᠢ ᠶᠢᠨ ᠬᠤᠰᠢᠭᠤ ᠶᠢᠨ ᠰᠣᠶᠣᠯ ᠤᠨ ᠨᠠᠶᠢᠷ ᠤᠨ ᠡᠳ᠋ ᠪᠣᠳᠠᠰ ᠤᠨ ᠰᠣᠯᠢᠯᠴᠠᠭᠠᠨ ᠤ ᠬᠤᠷᠠᠯ ᠤᠨ ᠲᠣᠭᠤᠷᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/8/30
     8 ᠰᠠᠷ᠎ᠠ ᠶᠢᠨ 22 ᠤᠨ ᠡᠳᠦᠷ ᠠᠴᠠ ᠡᠬᠢᠯᠡᠨ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠨᠣᠬᠠᠢ ᠶᠢᠨ ᠬᠤᠰᠢᠭᠤ ᠶᠢᠨ ᠰᠣᠶᠣᠯ ᠤᠨ ᠨᠠᠶᠢᠷ ᠤᠨ ᠡᠳ᠋ ᠪᠣᠳᠠᠰ ᠤᠨ ᠰᠣᠯᠢᠯᠴᠠᠭᠠᠨ ᠤ ᠬᠤᠷᠠᠯ ᠳᠤ ︽ᠡᠳᠦᠷ ᠪᠦᠷᠢ ᠶᠢᠨ ᠲᠣᠭᠤᠷᠢᠨ ᠪᠠᠶᠢᠴᠠᠭᠠᠯᠲᠠ︾ ᠪᠠ ︽ᠲᠣᠭᠲᠠᠮᠠᠯ ᠪᠤᠰᠤ ᠴᠠᠭ ᠤᠨ ᠪᠠᠶᠢᠴᠠᠭᠠᠯᠲᠠ︾ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠬᠠᠤᠯᠢ ᠪᠤᠰᠤ ᠪᠠᠷ ᠬᠡᠪᠯᠡᠭᠰᠡᠨ ᠳᠡᠯᠭᠡᠭᠦᠷᠴᠢᠨ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠤ᠂ ᠬᠤᠳᠠᠯᠳᠤᠭᠠᠨ ᠤ ᠲᠣᠭᠯᠠᠯᠲᠠ ᠶᠢᠨ ᠦᠶᠯᠡ ᠠᠵᠢᠯᠯᠠᠭ᠎ᠠ ᠨᠢ ᠲᠣᠭᠲᠠᠭᠠᠯ ᠳᠤ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠨ᠎ᠠ᠃      ︽ᠡᠵᠡᠩᠨᠡᠯᠲᠡ ᠶᠢᠨ ᠴᠢᠨᠠᠷᠲᠠᠢ ᠲᠣᠭᠯᠠᠯᠲᠠ ᠶᠢᠨ ᠬᠠᠮᠢᠶᠠᠷᠤᠯᠲᠠ ᠶᠢᠨ ᠳᠦᠷᠢᠮ︾ ᠪᠠ ᠬᠠᠮᠢᠶ᠎ᠠ ᠪᠦᠬᠦᠢ ᠳᠦᠷᠢᠮ ᠲᠣᠭᠲᠠᠭᠠᠯ ᠢ ᠦᠨᠳᠦᠰᠦᠯᠡᠨ᠂ ᠲᠣᠭᠯᠠᠯᠲᠠ ᠶᠢᠨ ᠪᠦᠯᠬᠦᠮ ᠤᠨ ︽ᠡᠵᠡᠩᠨᠡᠯᠲᠡ ᠶᠢᠨ ᠴᠢᠨᠠᠷᠲᠠᠢ ᠲᠣᠭᠯᠠᠯᠲᠠ ᠶᠢᠨ ᠵᠥᠪᠰᠢᠶᠡᠷᠡᠯ ᠤᠨ ᠦᠨᠡᠮᠯᠡᠯ︾ ᠪᠠ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠭᠠᠷᠳᠠᠮ ᠢ ᠴᠢᠩᠭ᠎ᠠ ᠪᠠᠶᠢᠴᠠᠭᠠᠵᠤ᠂ ᠲᠣᠭᠯᠠᠯᠲᠠ ᠶᠢᠨ ᠦᠨᠡᠮᠯᠡᠯ᠂ ᠲᠣᠭᠯᠠᠭᠴᠢ ᠶᠢᠨ ᠡᠩᠨᠡᠭᠡ᠂ ᠲᠣᠭᠯᠠᠯᠲᠠ ᠶᠢᠨ ᠲᠥᠬᠦᠭᠡᠷᠦᠮᠵᠢ ᠪᠠ ᠫᠷᠣᠭ᠍ᠷᠠᠮ ᠤᠨ ᠠᠭᠤᠯᠭ᠎ᠠ ᠶᠢ ᠬᠢᠨᠠᠨ ᠪᠠᠶᠢᠴᠠᠭᠠᠵᠤ᠂ ᠪᠣᠯᠬᠢ ᠪᠦᠳᠦᠭᠦᠯᠢᠭ᠂ ᠱᠠᠯᠢᠭ ᠵᠠᠪᠬᠠᠢ᠂ ᠹᠧᠣᠳᠠᠯ ᠤᠨ ᠮᠤᠬᠤᠷ ᠪᠢᠰᠢᠷᠡᠯ᠂ ᠬᠦᠴᠦᠷᠬᠡᠭᠯᠡᠯ ᠰᠦᠷᠳᠡᠭᠦᠯᠦᠯ ᠤᠨ ᠠᠭᠤᠯᠭ᠎ᠠ ᠲᠠᠢ ᠲᠣᠭᠯᠠᠯᠲᠠ ᠶᠢᠨ ᠪᠦᠯᠬᠦᠮ ᠪᠠ ᠫᠷᠣᠭ᠍ᠷᠠᠮ ᠳᠤ ᠴᠢᠩᠭ᠎ᠠ ᠴᠣᠬᠢᠯᠲᠠ ᠦᠭᠴᠦ ᠬᠦᠴᠦᠨ ᠦᠭᠡᠢ ᠪᠣᠯᠭᠠᠨ᠎ᠠ᠃ ᠪᠠᠶᠢᠴᠠᠭᠠᠯᠲᠠ ᠶᠢᠨ ᠳᠤᠮᠳᠠ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠢ ᠪᠠᠷ ᠲᠦᠭᠡᠮᠡᠯᠵᠢᠭᠦᠯᠵᠦ᠂ ᠠᠵᠢᠯᠯᠠᠵᠤ ᠪᠠᠶᠢᠭ᠎ᠠ ᠬᠥᠮᠥᠰ ᠤᠨ ᠢᠯᠭᠠᠨ ᠲᠠᠨᠢᠬᠤ ᠴᠢᠳᠠᠪᠤᠷᠢ ᠪᠠ ᠬᠡᠪᠯᠡᠯ ᠤᠨ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠳᠦᠷᠢᠮ ᠲᠣᠭᠲᠠᠭᠠᠯ ᠶᠣᠰᠣᠭᠠᠷ ᠬᠠᠤᠯᠢ ᠶᠢ ᠰᠠᠬᠢᠵᠤ ᠡᠵᠡᠩᠨᠡᠬᠦ ᠶᠢ ᠪᠡᠶᠡᠯᠡᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠮᠠᠨ ᠤ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠣᠯᠢᠯᠴᠠᠭᠠᠨ ᠤ ᠬᠤᠷᠠᠯ ᠤᠨ ᠬᠤᠭᠤᠴᠠᠭᠠᠨ ᠳᠠᠬᠢ ᠰᠣᠶᠣᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠡᠷᠡᠭᠦᠯ ᠡᠩᠬᠡ ᠡᠶ᠎ᠡ ᠨᠠᠶᠢᠷᠠᠮᠳᠠᠭᠤ᠂ ᠢᠳᠡᠪᠬᠢᠲᠡᠢ ᠥᠭᠡᠳᠡᠷᠬᠡᠭ ᠰᠣᠶᠣᠯ ᠤᠨ ᠠᠭᠤᠷ ᠠᠮᠢᠰᠬᠤᠯ ᠢ ᠦᠨᠡᠨᠬᠦ ᠪᠣᠶ ᠪᠣᠯᠭᠠᠵᠤ᠂ ᠨᠣᠬᠠᠢ ᠶᠢᠨ ᠬᠤᠰᠢᠭᠤ ᠶᠢᠨ ᠰᠣᠶᠣᠯ ᠤᠨ ᠨᠠᠶᠢᠷ ᠤᠨ ᠬᠤᠭᠤᠴᠠᠭᠠᠨ ᠳᠠᠬᠢ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠪᠠ ᠥᠷᠭᠡᠨ ᠣᠯᠠᠨ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠤᠨ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠪᠠᠲᠤᠯᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号