︽ᠲᠣᠷᠭᠠᠨ ᠵᠠᠮ ᠤᠨ ᠪᠤᠭᠤᠳᠠᠢ ᠶᠢᠨ ᠠᠶᠠᠯᠭᠤ ᠰᠦᠷᠯᠢᠭ ᠰᠠᠶᠢᠬᠠᠨ ᠤᠮᠠᠷᠠᠲᠤ ᠬᠢᠯᠢ︾ ᠦᠴᠦᠸᠠᠨ ᠰᠢᠶᠠᠨ ᠠᠷᠪᠠᠨ ᠨᠢᠭᠡᠳᠦᠭᠡᠷ ᠬᠤᠭᠤᠴᠠᠭᠠᠨ ᠤ ᠨᠣᠬᠠᠢ ᠶᠢᠨ ᠬᠤᠰᠢᠭᠤ(ᠶᠤᠤᠮᠠᠢ) ᠶᠢᠨ ᠰᠣᠶᠣᠯ ᠤᠨ ᠨᠠᠶᠢᠷ ᠤᠨ ᠤᠷᠠᠨ ᠰᠠᠶᠢᠬᠠᠨ ᠤ ᠦᠳᠡᠰᠢᠯᠡᠭᠡ ᠡᠷᠬᠢᠯᠡᠪᠡ
ᠨᠡᠶᠢᠲᠡᠯᠡᠭᠰᠡᠨ ᠴᠠᠭ᠄
2023/8/30
     8 ᠰᠠᠷ᠎ᠠ ᠶᠢᠨ 29 ᠤ ᠣᠷᠣᠢ᠂ ᠦᠴᠦᠸᠠᠨ ᠰᠢᠶᠠᠨ ︽ᠲᠣᠷᠭᠠᠨ ᠵᠠᠮ ᠤᠨ ᠪᠤᠭᠤᠳᠠᠢ ᠶᠢᠨ ᠠᠶᠠᠯᠭᠤ ᠰᠦᠷᠯᠢᠭ ᠰᠠᠶᠢᠬᠠᠨ ᠤᠮᠠᠷᠠᠲᠤ ᠬᠢᠯᠢ︾ ᠭᠡᠬᠦ ᠭᠤᠣᠯ ᠰᠡᠳᠦᠪᠲᠦ ᠠᠷᠪᠠᠨ ᠨᠢᠭᠡᠳᠦᠭᠡᠷ ᠬᠤᠭᠤᠴᠠᠭᠠᠨ ᠤ ᠦᠴᠦᠸᠠᠨ  ᠤ ᠨᠣᠬᠠᠢ   ᠶᠢᠨ ᠬᠤᠰᠢᠭᠤ(ᠶᠤᠤᠮᠠᠢ) ᠶᠢᠨ ᠰᠣᠶᠣᠯ ᠤᠨ ᠨᠠᠶᠢᠷ ᠤᠨ ᠤᠷᠠᠨ ᠰᠠᠶᠢᠬᠠᠨ ᠤ ᠦᠳᠡᠰᠢᠯᠡᠭᠡ ᠡᠷᠭᠢᠯᠡᠪᠡ
     ᠦᠳᠡᠰᠢᠯᠡᠭᠡ ᠨᠢ ᠪᠥᠵᠢᠭ ︽ᠠᠯᠤᠰ ᠭᠠᠵᠠᠷ︾ ᠤᠨ ᠳᠤᠮᠳᠠ ᠬᠥᠰᠢᠭᠡ ᠪᠠᠨ ᠰᠡᠬᠦᠵᠦ᠂ ᠪᠥᠵᠢᠭ ᠤᠨ ᠠᠩᠭᠢ ᠶᠢᠨ ᠭᠡᠰᠢᠭᠦᠳ ᠭᠤᠶᠢᠳᠠ ᠰᠠᠶᠢᠬᠠᠨ ᠪᠥᠵᠢᠭ ᠤᠨ ᠳᠦᠷᠢ ᠪᠠᠷ ᠲᠤᠬᠠᠢ ᠶᠢᠨ ᠲᠠᠯᠠᠪᠠᠶ ᠶᠢᠨ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠵᠤ᠂ ᠲᠣᠭᠯᠠᠯᠲᠠ ᠶᠢᠨ ᠠᠭᠤᠷ ᠠᠮᠢᠰᠬᠤᠯ ᠢ ᠠᠩᠬᠠᠨ ᠤ ᠤᠷᠬᠢᠯ ᠳᠤᠨᠢ ᠬᠦᠷᠭᠡᠭᠰᠡᠨ ᠪᠠᠶᠢᠨ᠎ᠠ᠃ ᠳᠠᠷᠠᠭ᠎ᠠ ᠪᠠᠷ ᠨᠢ ᠳᠠᠭᠤᠤ ︽ᠶᠤᠤᠮᠠᠢ ᠶᠢᠨ ᠠᠩᠬᠢᠯᠤᠮ᠎ᠠ ᠦᠨᠦᠷ ᠬᠠᠩᠬᠤᠯᠵᠤ ᠵᠣᠯ ᠵᠢᠷᠭᠠᠯ ᠢᠷᠡᠭᠰᠡᠨ ᠨᠢ︾᠂ ᠬᠥᠭᠵᠢᠮ ᠤᠨ ᠬᠠᠮᠲᠤᠯᠢᠭ ︽ᠠᠳᠤᠭᠤᠴᠢᠨ ᠵᠠᠯᠠᠭᠤᠴᠤᠳ︾᠂ ᠱᠤᠭ ᠶᠠᠷᠢᠶ᠎ᠠ ︽ᠪᠠᠷᠬᠢᠷᠠᠨ ᠬᠤᠳᠠᠯᠳᠤᠬᠤ ᠵᠢᠷᠤᠭ ︾᠂ ᠬᠠᠮᠲᠤᠷᠠᠭᠰᠠᠨ ᠮᠠᠩᠬᠠᠨ ᠳᠠᠭᠤᠣ ︽ᠪᠢᠳᠡᠨ ᠤ ᠮᠠᠩᠬᠠᠨ ᠳᠠᠭᠤᠣ︾᠂ ᠮᠣᠩᠭᠤᠯ ᠣᠷᠳᠣ ᠶᠢᠨ ᠳᠠᠭᠤᠤ ︽ᠭᠤᠸ ᠯᠢᠨ ᠭᠤᠸ︾᠂ ᠡᠮᠡᠭᠲᠡᠢ ᠶᠢᠨ ᠭᠤᠴᠣᠯᠠᠯ ᠳᠠᠭᠤᠤ ︽ᠡᠵᠢ ᠶᠢᠨ ᠪᠠᠩᠰᠢ︾᠂ ᠱᠤᠭ ᠵᠦᠴᠦᠭᠡ ︽ᠳᠤᠷᠠᠰᠬᠠᠯ ᠤᠨ ᠡᠳᠦᠷ︾ ᠵᠡᠷᠭᠡ 10 ᠭᠠᠷᠤᠢ ᠭᠤᠶᠢᠳᠠ ᠰᠠᠶᠢᠬᠠᠨ ᠲᠣᠭᠯᠠᠯᠲᠠ ᠶᠢ ᠡᠭᠡᠯᠵᠢᠯᠡᠨ ᠲᠣᠭᠯᠠᠪᠠ᠃ ᠪᠦᠬᠦᠶᠢᠯᠡ ᠠᠵᠢᠯᠯᠠᠭ᠎ᠠ  ᠶᠢ ᠡᠬᠡ ᠣᠷᠣᠨ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠣᠷᠭᠢᠯᠤᠮ᠎ᠠ ᠬᠠᠯᠠᠭᠤᠨ ᠰᠡᠳᠬᠢᠯᠭᠡ ᠳᠤ ᠬᠠᠨᠳᠤᠭᠤᠯᠵᠤ᠂ ᠦᠵᠡᠭᠴᠢᠳ ᠲᠤ ᠡᠯᠪᠡᠭ ᠪᠠᠶᠠᠯᠢᠭ ᠰᠣᠶᠣᠯ ᠤᠨ ᠬᠤᠭᠤᠯᠠ ᠶᠢ ᠠᠪᠴᠢᠷᠠᠵᠤ ᠥᠭᠭᠦᠭᠰᠡᠨ ᠪᠠᠶᠢᠨ᠎ᠠ᠃ ᠲᠠᠶᠢᠰᠠᠨ ᠳᠡᠭᠡᠷ᠎ᠡ᠂ ᠲᠣᠭᠯᠠᠭᠴᠢᠳ ᠭᠤᠶᠢᠳᠠ ᠰᠠᠶᠢᠬᠠᠨ ᠲᠣᠭᠯᠠᠯᠲᠠ ᠨᠤᠭᠤᠳ ᠢᠶᠠᠷ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠰᠡᠳᠬᠢᠯ ᠰᠠᠨᠠᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠨ᠂ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠵᠦ᠂ ᠬᠠᠮᠲᠤᠪᠠᠷ ᠬᠤᠶᠠᠷ ᠭᠠᠷ ᠢᠶᠠᠷ ᠢᠶᠠᠨ ᠰᠠᠶᠢᠨ ᠰᠠᠶᠢᠬᠠᠨ ᠪᠠᠶᠢᠳᠠᠯ ᠢ ᠴᠣᠭᠴᠠᠯᠠᠨ ᠪᠦᠲᠦᠭᠡᠬᠦ ᠶᠢ ᠳᠡᠯᠭᠡᠨ ᠦᠵᠡᠭᠦᠯᠪᠡ᠃ ᠲᠠᠶᠢᠰᠠᠨ ᠳᠣᠣᠷ᠎ᠠ᠂ ᠦᠵᠡᠭᠴᠢᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠬᠠᠷᠠᠵᠤ᠂ ᠠᠯᠠᠭ᠎ᠠ ᠲᠡᠰᠢᠯᠲᠡ ᠶᠢᠨ ᠲᠠᠭᠤᠨ᠂ ᠬᠠᠰᠬᠢᠷᠤᠯᠲᠠ ᠶᠢᠨ ᠲᠠᠭᠤᠨ ᠠᠳᠡ ᠲᠡᠨᠳᠡ ᠦᠭᠡᠢ ᠴᠤᠤᠷᠢᠶᠠᠲᠤᠨ᠎ᠠ᠃      ᠬᠠᠮᠤᠭ ᠰᠡᠭᠦᠯ ᠳᠤ᠂ ᠲᠣᠭᠯᠠᠯᠲᠠ ᠨᠢ ᠪᠥᠵᠢᠭ ︽ᠵᠠᠮᠴᠢᠯᠠᠯ︾ ᠤᠨ ᠳᠤᠮᠳᠠ ᠥᠨᠳᠥᠷᠯᠡᠵᠦ᠂ ᠪᠦᠬᠦᠶᠢᠯᠡ ᠤᠷᠠᠨ ᠰᠠᠶᠢᠬᠠᠨ ᠤ ᠲᠣᠭᠯᠠᠯᠲᠠ ᠶᠢᠨ ᠭᠤᠣᠯ ᠰᠡᠳᠦᠪ ᠨᠢ ᠢᠯᠡ ᠲᠣᠳᠣ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠪᠠᠶᠢᠵᠤ᠂ ᠦᠵᠡᠭᠴᠢᠳ ᠤᠨ ᠰᠠᠨᠠᠭ᠎ᠠ ᠰᠡᠳᠬᠢᠯ ᠳᠠᠭᠤᠰᠤᠭ᠎ᠠ ᠦᠭᠡᠢ ᠪᠠᠶᠢᠯ᠎ᠠ᠃      ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠦᠴᠦᠸᠠᠨ ᠤ ᠨᠣᠬᠠᠢ ᠶᠢᠨ ᠬᠤᠰᠢᠭᠤ(ᠶᠤᠤᠮᠠᠢ) ᠶᠢᠨ ᠰᠣᠶᠣᠯ ᠤᠨ ᠨᠠᠶᠢᠷ ᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠨ ᠡᠷᠭᠢᠯᠡᠵᠦ᠂ ᠪᠡᠭᠡᠵᠢᠩ ᠬᠤᠲᠠ ᠶᠢᠨ ᠮᠧᠨ ᠲᠧᠦ ᠭᠧᠦ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠬᠠᠮᠵᠢᠨ ᠡᠷᠭᠢᠯᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号