ᠮᠠᠨ ᠤ ᠤᠯᠤᠰ ᠨᠠᠢᠮᠠᠨ ᠲᠠᠯ᠎ᠠ ᠠᠴᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠᠷ ᠪᠤᠢ
ᠨᠡᠶᠢᠲᠡᠯᠡᠭᠰᠡᠨ ᠴᠠᠭ᠄
2023/8/30
     ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠠᠵᠢᠯ ᠤᠨ ᠪᠠᠶᠢᠳᠠᠯ ᠤᠨ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠦᠯᠦᠯᠲᠡ ᠶᠢ 28 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠪᠡ᠃ ᠮᠡᠳᠡᠭᠦᠯᠦᠯᠲᠡ ᠳᠤ᠂ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠬᠤ ᠶᠢ ᠶᠡᠭᠡ ᠪᠠᠷ ᠨᠠᠶᠢᠳᠠᠪᠤᠷᠢᠵᠢᠭᠤᠯᠬᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠶᠢ ᠢᠳᠡᠪᠬᠢᠲᠡᠢ ᠠᠬᠢᠭᠤᠯᠬᠤ᠂ ᠲᠠᠷᠢᠶᠠᠯᠠᠩ ᠤᠨ ᠬᠠᠮᠠᠭᠠᠯᠠᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ᠂ ᠠᠮᠤ ᠪᠤᠳᠠᠭᠠᠨ ᠤ ᠲᠣᠬᠢᠷᠠᠭᠤᠯᠭ᠎ᠠ ᠡᠵᠡᠮᠳᠡᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠭᠦ᠂ ᠤᠳᠤ ᠦᠶ᠎ᠡ ᠶᠢᠨ ᠠᠮᠤ ᠪᠤᠳᠠᠭᠠᠨ ᠤ ᠠᠵᠤ ᠦᠢᠯᠡᠰ ᠪᠠ ᠭᠦᠢᠯᠭᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ᠂ ᠤᠯᠠᠨ ᠡᠰᠢᠲᠦ ᠢᠳᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠭᠦ᠂ ᠠᠮᠤ ᠪᠤᠳᠠᠭ᠎ᠠ ᠶᠢ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠵᠡᠷᠭᠡ 8 ᠲᠠᠯ᠎ᠠ ᠠᠴᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ᠎ᠠ ᠭᠡᠵᠦ ᠳᠤᠷᠠᠳᠪᠠ᠃      ᠮᠡᠳᠡᠭᠦᠯᠦᠯᠲᠡ ᠳᠤ ᠬᠠᠷᠠᠭᠤᠯᠤᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠲᠣᠭᠲᠠᠭᠤᠨ ᠢᠶᠠᠷ ᠬᠥᠭᠵᠢᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠬᠦᠨᠳᠦ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠰᠡᠷᠭᠡᠶᠢᠯᠡᠨ ᠨᠠᠮᠳᠠᠭᠠᠬᠤ ᠴᠢᠳᠠᠪᠤᠷᠢ ᠲᠠᠰᠤᠷᠠᠯᠲᠠ ᠦᠭᠡᠢ ᠴᠢᠩᠭᠠᠷᠠᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠦᠪᠰᠢᠨ ᠢᠯᠡᠳᠲᠡ ᠳᠡᠭᠡᠭᠰᠢᠯᠡᠪᠡ᠃ ᠮᠠᠨ ᠤ ᠤᠯᠤᠰ ᠤᠨ ᠠᠮᠤ ᠪᠤᠳᠠᠭᠠᠨ ᠤ ᠤᠨᠠᠯᠲᠠ 8 ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠵᠤ᠂ 2022 ᠣᠨ ᠤ ᠠᠮᠤ ᠪᠤᠳᠠᠭᠠᠨ ᠤ ᠤᠨᠠᠯᠲᠠ 13731 ᠳ᠋ᠦᠩᠰᠢᠭᠤᠷ ᠵᠢᠩ᠂ ᠠᠮᠤ ᠪᠤᠳᠠᠭᠠᠨ ᠤ ᠮᠦ ᠨᠢᠭᠡᠴᠢ ᠶᠢᠨ ᠤᠨᠠᠯᠳᠠ 386.8 ᠺᠢᠯᠣᠭ᠍ᠷᠠᠮ ᠳᠤ ᠬᠦᠷᠴᠦ᠂ 5 ᠵᠢᠯ ᠤᠨ ᠡᠮᠦᠨᠡᠬᠢ ᠲᠠᠢ ᠬᠠᠷᠢᠴᠠᠭᠤᠯᠪᠠᠯ ᠲᠣᠰ ᠲᠣᠰ 498 ᠳ᠋ᠦᠩᠰᠢᠭᠤᠷ ᠵᠢᠩ᠂ 13 ᠺᠢᠯᠣᠭ᠍ᠷᠠᠮ ᠨᠡᠮᠡᠭᠳᠡᠭᠰᠡᠨ ᠪᠠᠶᠢᠨ᠎ᠠ; ᠬᠥᠮᠥᠨ ᠳᠤᠮᠳᠠᠴᠢ ᠶᠢᠨ ᠠᠮᠤ ᠪᠤᠳᠠᠭ᠎ᠠ ᠨᠣᠭᠳᠠᠬᠤ ᠬᠡᠮᠵᠢᠶ᠎ᠡ 486.1 ᠺᠢᠯᠣᠭ᠍ᠷᠠᠮ ᠳᠤ ᠬᠦᠷᠴᠦ᠂ ᠳᠡᠯᠡᠬᠡᠢ ᠨᠡᠶᠢᠲᠡ ᠳᠤ ᠮᠡᠳᠡᠷᠡᠭᠳᠡᠭᠰᠡᠨ 400 ᠺᠢᠯᠣᠭ᠍ᠷᠠᠮ ᠤᠨ ᠠᠮᠤ ᠪᠤᠳᠠᠭᠠᠨ ᠤ ᠠᠮᠤᠷ ᠲᠦᠪᠰᠢᠨ ᠤ ᠱᠤᠭᠤᠮ ᠠᠴᠠ ᠳᠠᠪᠠᠪᠠ᠃      ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠨᠢᠭᠡᠨ ᠥᠨᠢᠳᠡ ᠶᠢᠨ ᠰᠡᠳᠦᠪ ᠮᠥᠨ᠃ ᠮᠡᠳᠡᠭᠦᠯᠦᠯᠲᠡ ᠳᠤ ᠣᠶᠢᠷ᠎ᠠ ᠶᠢᠨ ᠵᠢᠯ ᠤᠳ ᠲᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠠᠵᠢᠯ ᠢ ᠥᠷᠨᠢᠭᠦᠯᠦᠭᠰᠡᠨ ᠭᠤᠣᠯ ᠠᠵᠢᠯ ᠵᠢᠴᠢ ᠣᠯᠣᠭᠰᠠᠨ ᠦᠷ᠎ᠡ ᠪᠦᠲᠦᠮᠵᠢ ᠶᠢ ᠲᠠᠨᠢᠯᠴᠠᠭᠤᠯᠬᠤ ᠶᠢᠨ ᠬᠠᠮᠲᠤ ᠮᠠᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠲᠤᠯᠭᠠᠷᠠᠵᠤ ᠪᠠᠶᠢᠭ᠎ᠠ ᠭᠤᠣᠯ ᠠᠰᠠᠭᠤᠳᠠᠯ ᠪᠠ ᠠᠶᠤᠯ ᠲᠦᠭᠰᠢᠭᠦᠷᠢ ᠶᠢ ᠵᠢᠭᠠᠵᠤ ᠭᠠᠷᠭᠠᠪᠠ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠠᠵᠢᠯ ᠤᠨ ᠲᠤᠬᠠᠢ᠂ ᠮᠡᠳᠡᠭᠦᠯᠦᠯᠲᠡ ᠳᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠵᠦ᠂ ᠣᠯᠠᠨ ᠤᠯᠤᠰ ᠤᠨ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠠᠰᠢᠭ ᠦᠭᠡᠢ ᠨᠥᠯᠥᠭᠡ ᠶᠢ ᠬᠦᠴᠦᠯᠡᠨ ᠠᠷᠢᠯᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ ᠭᠡᠵᠦ ᠳᠤᠷᠠᠳᠪᠠ᠃      ᠮᠡᠳᠡᠭᠦᠯᠦᠯᠲᠡ ᠳᠤ᠂ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ 8 ᠲᠠᠯ᠎ᠠ ᠪᠠᠷ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ᠎ᠠ ᠭᠡᠵᠦ ᠳᠤᠷᠠᠳᠪᠠ᠃ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢᠨ ᠲᠣᠭᠤᠷᠢᠨ ᠳᠤ᠂ ᠮᠡᠳᠡᠭᠦᠯᠦᠯᠲᠡ ᠳᠤ ᠠᠮᠤ ᠪᠤᠳᠠᠭᠠᠨ ᠤ ᠠᠮᠤᠷ ᠲᠦᠪᠰᠢᠨ ᠤ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠠᠤᠯᠢ᠂ ᠲᠠᠷᠢᠶᠠᠨ ᠭᠠᠵᠠᠷ ᠢ ᠬᠠᠮᠠᠭᠠᠯᠠᠬᠤ ᠬᠠᠤᠯᠢ ᠲᠣᠭᠲᠠᠭᠠᠬᠤ ᠶᠢ ᠠᠬᠢᠭᠤᠯᠤᠨ᠎ᠠ ᠭᠡᠵᠦ ᠳᠤᠷᠠᠳᠪᠠ᠃ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠬᠤ ᠪᠠ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠪᠠᠶᠢᠳᠠᠯ ᠳᠤ ᠴᠢᠭᠯᠡᠭᠦᠯᠦᠨ᠂ ᠮᠡᠳᠡᠭᠦᠯᠦᠯᠲᠡ ᠳᠤ ᠰᠢᠨ᠎ᠡ ᠨᠢᠭᠡ ᠡᠭᠡᠯᠵᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠲᠣᠳᠣᠷᠬᠠᠶᠢᠯᠠᠭᠰᠠᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠨᠠᠶᠢᠳᠠᠪᠤᠷᠢᠵᠢᠭᠤᠯᠵᠤ᠂ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠶᠠᠭᠠᠬᠢᠭᠰᠠᠨ ᠴᠤ ᠡᠪᠳᠡᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠲᠠᠷᠢᠶᠠᠯᠠᠩ ᠤᠨ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠴᠢᠬᠤᠯᠠ ᠶᠡᠭᠡ ᠲᠥᠷᠥᠯ ᠵᠦᠢᠯ ᠢ ᠪᠦᠭᠦ ᠲᠠᠯ᠎ᠠ ᠪᠠᠷ ᠬᠡᠷᠡᠭᠵᠢᠭᠦᠯᠵᠦ᠂ ᠭᠤᠣᠯ ᠪᠤᠯᠬᠤ ᠡᠭᠦᠯᠳᠡᠷ ᠢ ᠥᠪᠡᠷ ᠤᠨ ᠭᠠᠷ ᠲᠠᠭᠠᠨ ᠴᠢᠩᠭ᠎ᠠ ᠠᠳᠬᠤᠬᠤ ᠬᠡᠷᠡᠭᠲᠡᠢ ᠭᠡᠵᠦ ᠳᠤᠷᠠᠳᠪᠠ᠃ ᠲᠠᠷᠢᠶᠠᠯᠠᠩ ᠤᠨ ᠬᠠᠮᠠᠭᠠᠯᠠᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠲᠠᠢ ᠤᠶᠠᠯᠳᠤᠭᠤᠯᠤᠨ᠂ ᠮᠡᠳᠡᠭᠦᠯᠦᠯᠲᠡ ᠳᠤ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠪᠦᠷᠢᠨᠰᠢᠭᠦᠯᠵᠦ᠂ ᠲᠠᠷᠢᠶᠠᠯᠠᠩ ᠤᠨ ᠪᠡᠯᠡ ᠮᠥᠩᠭᠦ ᠶᠢ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠲᠡᠶᠢᠰᠢ ᠨᠡᠩ ᠢᠯᠡᠭᠦᠦ ᠬᠡᠯᠪᠡᠶᠢᠯᠭᠡᠬᠦ ᠶᠢ ᠠᠬᠢᠭᠤᠯᠤᠨ᠎ᠠ ᠭᠡᠵᠦ ᠳᠤᠷᠠᠳᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号