ᠮᠠᠨ ᠤ ᠬᠤᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ︽  ᠠᠷᠪᠠᠨ ᠣᠷᠳᠣᠨ ᠬᠤᠯᠪᠤᠭᠠᠯᠠᠨ ᠬᠥᠳᠡᠯᠦᠯᠴᠡᠬᠦ · ᠨᠢᠭᠡ ᠰᠠᠭᠤᠷᠢᠨ ᠭᠠᠵᠠᠷ ᠨᠢᠭᠡ ᠭᠤᠣᠯ ᠰᠡᠳᠦᠪ︾ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2023/8/30
     ︵ᠰᠤᠷᠪᠤᠯᠵᠢᠯᠠᠭᠴᠢ ᠯᠢᠦ ᠱᠠ ᠱᠠ︶ 8 ᠳ᠋ᠤᠭᠠᠷ ᠰᠠᠷ᠎ᠠ ᠶᠢᠨ 29 ᠤ ᠡᠳᠦᠷ᠂ ᠮᠠᠨ ᠤ ᠬᠤᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ︽ ᠠᠷᠪᠠᠨ ᠣᠷᠳᠣᠨ ᠬᠤᠯᠪᠤᠭᠠᠯᠠᠨ ᠬᠥᠳᠡᠯᠦᠯᠴᠡᠬᠦ · ᠨᠢᠭᠡ ᠰᠠᠭᠤᠷᠢᠨ ᠭᠠᠵᠠᠷ ᠨᠢᠭᠡ ᠭᠤᠣᠯ ᠰᠡᠳᠦᠪ︾ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠡᠷᠬᠢᠯᠡᠪᠡ᠃      ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠤ ᠭᠤᠣᠯ ᠲᠠᠯᠠᠪᠠᠶ ᠳᠤ᠂ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠣᠯᠣᠨ ᠬᠤᠳᠠ ᠶᠢᠨ ᠡᠪᠯᠡᠯ ᠤᠨ ᠬᠤᠷᠢᠶ᠎ᠠ ᠬᠠᠮᠲᠤᠷᠠᠨ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ᠂ ᠥᠪᠥᠷ ᠮᠣᠩᠭᠤᠯ ᠤᠨ ᠨᠣᠮ ᠤᠨ ᠰᠠᠩ᠂ ᠥᠪᠥᠷ ᠮᠣᠩᠭᠤᠯ ᠤᠨ ᠬᠠᠤᠯᠢ ᠶᠢᠨ ᠲᠤᠰᠢᠶᠠᠯᠲᠠᠨ ᠤ ᠳᠠᠪᠲᠠᠨ ᠪᠣᠯᠪᠠᠰᠤᠷᠠᠬᠤ ᠳᠡᠭᠡᠳᠦ ᠰᠤᠷᠭᠠᠭᠤᠯᠢ᠂ ᠬᠤᠳᠠ ᠶᠢᠨ ᠨᠣᠮ ᠤᠨ ᠰᠠᠩ᠂ ᠬᠤᠳᠠ ᠶᠢᠨ ᠰᠣᠶᠣᠯ ᠤᠨ ᠣᠷᠳᠣᠨ᠂ ᠬᠤᠳᠠ ᠶᠢᠨ ᠤᠷᠠᠨ ᠵᠢᠷᠤᠭ ᠤᠨ ᠣᠷᠳᠣᠨ ᠵᠡᠷᠭᠡ 6 ᠨᠢᠭᠡᠴᠡ ᠶᠢ ᠪᠦᠬᠦ ᠬᠤᠳᠠ ᠶᠢᠨ ᠬᠤᠶᠠᠳᠤᠭᠠᠷ ᠪᠦᠯᠦᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠢᠶᠠᠷ ᠨᠡᠷᠡᠶᠢᠳᠪᠡ᠃ ᠥᠪᠥᠷ ᠮᠣᠩᠭᠤᠯ ᠤᠨ ᠮᠦᠽᠧᠢ ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠵᠡᠷᠭᠡ 17 ᠣᠷᠳᠣᠨ ᠲᠠᠯᠠᠪᠠᠢ ᠬᠥᠬᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠤ ᠬᠤᠯᠪᠣᠭ᠎ᠠ ᠶᠢᠨ ᠵᠥᠪᠯᠡᠯᠴᠡᠭᠡᠷ ᠲᠤ ᠭᠠᠷ ᠤᠨ ᠦᠰᠦᠭ ᠵᠢᠷᠤᠨ᠂ ︽ᠭᠤᠣᠯ ᠰᠢᠵᠢᠮ ᠢ ᠳᠤᠪᠤᠶᠢᠯᠭᠠᠵᠤ ᠂ ᠤᠯᠠᠨ ᠣᠷᠳᠣᠨ ᠬᠤᠯᠪᠤᠭᠠᠯᠠᠨ ᠬᠥᠳᠡᠯᠦᠯᠴᠡᠵᠦ᠂ ᠲᠦᠷᠦᠯ ᠲᠡᠮᠳᠡᠭᠲᠦ ᠶᠢ ᠡᠭᠦᠳᠬᠦ︾ ᠪᠠᠷ ᠲᠣᠬᠢᠷᠠᠯᠴᠠᠵᠤ᠂ ᠪᠦᠬᠦ ᠨᠡᠶᠢᠭᠡᠮ ᠳᠤ ︽ᠳᠤᠰᠤᠯᠭᠠᠨ ᠤᠰᠤᠯᠠᠬᠤ ᠮᠠᠶ᠋ᠢᠭ︾᠂ ︽ᠨᠠᠷᠢᠯᠢᠭᠵᠢᠭᠤᠯᠤᠭᠰᠠᠨ︾ ᠤᠬᠠᠭᠤᠯᠭ᠎ᠠ ᠬᠥᠮᠦᠵᠢᠯ ᠢ ᠶᠡᠬᠡᠪᠡᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠵᠡᠷᠭᠡ ᠬᠠᠮᠲᠤ ᠶᠢᠨ ᠲᠠᠨᠢᠯᠲᠠ ᠶᠢ ᠪᠠᠲᠤᠳᠬᠠᠨ᠎ᠠ᠃      ᠲᠤᠰ ᠡᠳᠦᠷ ᠪᠠᠰᠠ ᠪᠥᠬᠦ ᠬᠤᠲᠠ ᠶᠢᠨ 40 ᠳᠠᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ︽ᠦᠵᠡᠰᠬᠦᠯᠡᠩᠲᠦ ᠰᠠᠶᠢᠬᠠᠨ ᠬᠥᠬᠡ ᠬᠤᠲᠠ ᠲᠠᠩᠰᠤᠭ ᠰᠠᠶᠢᠬᠠᠨ ᠪᠣᠳᠠᠰ ᠤᠨ ᠪᠤᠰᠤ ᠰᠣᠶᠣᠯ ᠤᠨ ᠥᠪ ︾ ᠭᠤᠣᠯ ᠰᠡᠳᠦᠪᠲᠦ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠪᠠ ︽ᠠᠶᠠᠯᠠᠵᠤ ᠶᠠᠪᠤᠭ᠎ᠠ ᠮᠦᠽᠧᠢ᠂ ᠦᠨᠳᠦᠰᠦᠲᠡᠨ ᠤ ᠪᠦᠯᠬᠦᠮᠳᠡᠯ ᠤᠨ ᠨᠢᠭᠡᠳᠦᠭᠡᠷ ᠬᠢᠴᠢᠶᠡᠯ︾ ᠭᠤᠣᠯ ᠰᠡᠳᠦᠪᠲᠦ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠡᠷᠭᠢᠯᠡᠵᠦ᠂ ᠰᠦᠯᠵᠢᠶᠡᠨ ᠳᠡᠭᠡᠷ᠎ᠡ 16900 ᠬᠥᠮᠥᠨ᠂ ᠰᠦᠯᠵᠢᠶᠡᠨ ᠭᠠᠳᠠᠨ᠎ᠠ 22.3 ᠲᠦᠮᠡᠨ ᠬᠥᠮᠥᠨ ᠲᠣᠰ ᠠᠵᠢᠯᠯᠠᠭ᠎ᠠ ᠳᠤ ᠣᠷᠣᠯᠴᠠᠵᠠᠢ᠃ ᠡᠯ᠎ᠡ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠲᠤᠬᠠᠢ ᠶᠢᠨ ᠡᠳᠦᠷ ᠲᠤ ᠬᠤᠯᠪᠣᠭᠳᠠᠯ ᠪᠦᠬᠦᠢ ᠠᠵᠢᠯᠯᠠᠭ᠎ᠠ ᠶᠢ ᠲᠤᠰ ᠲᠤᠰ ᠡᠷᠭᠢᠯᠡᠵᠡᠶ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号