ᠬᠥᠬᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ︽ᠠᠷᠪᠠᠨ ᠣᠷᠳᠣᠨ ᠬᠤᠯᠪᠤᠭᠠᠯᠠᠨ ᠬᠥᠳᠡᠯᠦᠯᠴᠡᠬᠦ · ᠨᠢᠭᠡ ᠰᠠᠭᠤᠷᠢᠨ ᠭᠠᠵᠠᠷ ᠨᠢᠭᠡ ᠭᠤᠣᠯ ᠰᠡᠳᠦᠪ︾ ᠤᠨ ᠦᠴᠦᠸᠠᠨ ᠰᠢᠶᠠᠨ ᠤ ᠡᠬᠢᠯᠡᠯᠲᠡ ᠶᠢᠨ ᠶᠣᠰᠣᠯᠠᠯ ᠵᠢᠴᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/8/31
     8 ᠰᠠᠷ᠎ᠠ ᠶᠢᠨ 29  ᠤ ᠡᠳᠦᠷ᠂ ᠬᠥᠬᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ︽ᠠᠷᠪᠠᠨ ᠣᠷᠳᠣᠨ ᠬᠤᠯᠪᠤᠭᠠᠯᠠᠨ ᠬᠥᠳᠡᠯᠦᠯᠴᠡᠬᠦ · ᠨᠢᠭᠡ ᠰᠠᠭᠤᠷᠢᠨ ᠭᠠᠵᠠᠷ ᠨᠢᠭᠡ ᠭᠤᠣᠯ ᠰᠡᠳᠦᠪ︾ ᠤᠨ ᠦᠴᠦᠸᠠᠨ ᠰᠢᠶᠠᠨ ᠤ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠮᠠᠨ ᠤ ᠰᠢᠶᠠᠨ ᠤ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠶᠢᠨ ᠰᠠᠭᠤᠷᠢᠨ ᠭᠠᠵᠠᠷ ᠤᠨ ᠵᠠᠬᠢᠷᠭᠠᠨ ᠤ ᠭᠠᠵᠠᠷ ᠤᠨ ᠬᠠᠭᠤᠴᠢᠨ ᠪᠠᠭᠤᠷᠢ ᠳᠤ ᠶᠠᠪᠤᠭᠳᠠᠪᠠ᠃
     ᠲᠤᠰ ᠤᠳᠠᠭ᠎ᠠ ᠶᠢᠨ ᠠᠵᠢᠯᠯᠠᠭ᠎ᠠ ᠶᠢᠨ ᠭᠤᠣᠯ ᠰᠡᠳᠦᠪ ᠪᠣᠯ ︽ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠰᠠᠶᠢᠲᠤᠷ ᠠᠰᠢᠭᠯᠠᠵᠤ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠨ᠎ᠠ︾᠂ ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠡᠳᠦᠪᠲᠦ ᠠᠭᠤᠳᠠᠮ ᠲᠠᠯᠠᠪᠠᠢ ᠪᠣᠯᠣᠨ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠶᠢᠨ ᠰᠠᠭᠤᠷᠢᠨ ᠭᠠᠵᠠᠷ ᠤᠨ ᠵᠠᠬᠢᠷᠭᠠᠨ ᠤ ᠭᠠᠵᠠᠷ ᠤᠨ ᠬᠠᠭᠤᠴᠢᠨ ᠪᠠᠭᠤᠷᠢ ᠶᠢ ᠲᠣᠭᠤᠷᠢᠨ ᠦᠵᠡᠭᠰᠡᠨ ᠪᠥᠭᠡᠳ ᠡᠬᠢᠯᠡᠯᠲᠡ ᠶᠢᠨ ᠶᠣᠰᠣᠯᠠᠯ ᠶᠠᠪᠤᠭᠤᠯᠵᠠᠢ᠃      ᠠᠵᠢᠯᠯᠠᠭ᠎ᠠ ᠨᠢ ᠦᠵᠡᠭᠦᠯᠦᠯᠭᠡ ᠶᠢᠨ ᠰᠠᠮᠪᠠᠷ᠎ᠠ ᠶᠢ ᠦᠵᠡᠬᠦ᠂ ᠵᠠᠬᠢᠷᠭᠠᠨ ᠤ ᠭᠠᠵᠠᠷ ᠤᠨ ᠬᠠᠭᠤᠴᠢᠨ ᠪᠠᠭᠤᠷᠢ ᠶᠢ ᠲᠣᠭᠤᠷᠢᠨ ᠦᠵᠡᠬᠦ ᠪᠣᠯᠣᠨ ᠲᠤᠬᠠᠶ ᠶᠢᠨ ᠲᠠᠯᠠᠪᠤᠷ ᠤᠨ ᠠᠮᠢᠳᠤᠯᠢᠭ ᠲᠠᠶᠢᠯᠤᠮᠵᠢ ᠪᠠᠷ ᠳᠡᠮᠵᠢᠨ᠂ ᠠᠵᠢᠯᠯᠠᠭ᠎ᠠ ᠳᠤ ᠣᠷᠣᠯᠴᠠᠭᠰᠠᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ ᠪᠠᠭᠰᠢ ᠰᠤᠷᠤᠭᠴᠢᠳ ᠤᠨ ᠲᠥᠯᠥᠭᠡᠯᠡᠭᠴᠢᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠢᠴᠡᠳ ᠣᠶᠢᠯᠠᠭᠠᠭᠤᠯᠵᠤ᠂ ᠡᠯ᠎ᠡ ᠦᠨᠳᠦᠰᠦᠲᠡᠨ ᠠᠭᠤᠰᠤᠯᠴᠠᠨ ᠨᠡᠶᠢᠯᠡᠵᠦ ᠣᠯᠠᠨ ᠡᠰᠢᠲᠦ ᠨᠢᠭᠡ ᠴᠣᠭᠴᠠᠵᠢᠭᠰᠠᠨ ᠳᠤᠮᠳᠠᠳᠤ ᠶᠢᠨ ᠦᠨᠳᠦᠰᠦᠲᠡᠨ ᠪᠣᠯᠣᠨ ᠳᠤᠮᠳᠠᠳᠤ ᠶᠢᠨ ᠦᠨᠳᠦᠰᠦᠲᠡᠨ ᠤ ᠠᠶᠠᠨᠳᠠᠭᠠᠨ ᠣᠷᠣᠰᠢᠬᠤᠢ ᠪᠠᠶᠢᠭᠰᠠᠨ ᠠᠴᠠ ᠪᠠᠨ ᠤᠬᠠᠮᠰᠠᠷᠲᠠᠢ ᠪᠣᠯᠣᠭᠰᠠᠨ ᠠᠭᠤᠤ ᠶᠡᠭᠡ ᠬᠤᠪᠢᠷᠠᠯᠲᠠ ᠶᠢ ᠪᠡᠶᠡᠯᠡᠭᠦᠯᠦᠭᠰᠡᠨ ᠲᠡᠦᠬᠡᠨ ᠠᠬᠢᠴᠠ ᠶᠢ ᠡᠷᠭᠢᠴᠡᠭᠦᠯᠵᠦ᠂ ᠦᠴᠦᠸᠠᠨ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠭᠰᠠᠨ ᠠᠮᠢᠳᠤᠯᠢᠭ ᠦᠢᠯᠡᠳᠦᠯᠭᠡ ᠶᠢ ᠢᠯᠡᠷᠡᠭᠦᠯᠦᠭᠰᠡᠨ ᠪᠥᠭᠡᠳ ᠡᠭᠦᠨ ᠢᠶᠠᠷ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ᠂ ᠰᠤᠷᠤᠭᠴᠢᠳ ᠤᠨ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠵᠦ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢ ᠵᠣᠷᠢᠭᠵᠢᠭᠤᠯᠪᠠ᠃
     ᠲᠤᠰ ᠤᠳᠠᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠦᠴᠦᠸᠠᠨ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠮᠢᠳᠤᠯᠢᠭ ᠦᠢᠯᠡᠳᠦᠯᠭᠡ ᠪᠣᠯᠬᠤ ᠪᠠᠷ ᠪᠠᠷᠠᠬᠤ ᠦᠭᠡᠢ ᠪᠠᠰᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠡᠭᠦᠳᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠬᠤᠶᠢᠰᠢᠳᠠ ᠮᠠᠨ ᠤ ᠰᠢᠶᠠᠨ ᠤᠯᠠᠨ ᠲᠦᠮᠡᠨᠴᠢ ᠴᠢᠨᠠᠷᠲᠠᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠦᠴᠦᠸᠠᠨ ᠤ ᠦᠯᠢᠭᠡᠷ ᠪᠣᠯᠣᠨ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠲᠡᠰ ᠳᠡᠪᠰᠢᠬᠦ ᠶᠢ ᠲᠠᠰᠤᠷᠠᠯᠳᠠ ᠦᠭᠡᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号