ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/31
     8 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ 2023 ᠣᠨ ᠤ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠪᠡᠯᠡ ᠮᠥᠩᠭᠦ ᠶᠢᠨ ᠬᠤᠪᠢᠶᠠᠷᠢᠯᠠᠯᠲᠠ ᠶᠢ ᠳᠡᠮᠵᠢᠬᠦ ᠪᠠ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠬᠦ ᠬᠠᠮᠢᠶ᠎ᠠ ᠪᠦᠬᠦᠢ ᠤᠴᠢᠷ ᠶᠠᠪᠤᠳᠠᠯ᠂ ᠦᠴᠦᠸᠠᠨ ᠰᠢᠶᠠᠨ ᠤ ᠹᠦ᠋ ᠷᠦ᠋ ᠳ᠋ᠦᠩ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠴᠢᠬᠢ ᠪᠣᠶᠢᠵᠢᠭᠤᠯᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠣᠬᠢᠷᠠᠭᠤᠯᠬᠤ᠂ ᠳ᠋ᠧ ᠱᠧᠩ ᠭᠧᠦ ᠰᠢᠶᠠᠩ ᠤᠨ ᠶᠤᠸᠠᠨ ᠪᠣᠣ ᠺᠦᠨ ᠺᠣᠮᠫᠠᠨᠢ ᠶᠢᠨ ᠠᠰᠠᠷ ᠢ ᠯᠦᠩ ᠶᠤᠸᠠᠨ ᠰᠣᠶᠣᠯ ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠳᠤ ᠬᠤᠪᠢᠶᠠᠷᠢᠯᠠᠨ ᠰᠢᠯᠵᠢᠭᠦᠯᠬᠦ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠵᠠᠢ᠃      ᠬᠤᠷᠠᠯ ᠠᠴᠠ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠴᠢᠭᠯᠡᠯ ᠢᠶᠠᠨ ᠣᠨᠣᠪᠴᠢᠲᠠᠢ ᠡᠷᠢᠵᠦ᠂ ᠭᠤᠣᠯᠳᠠᠯᠭ᠎ᠠ ᠪᠠᠨ ᠡᠵᠡᠮᠳᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠲᠦᠷᠪᠡᠨ ᠠᠵᠤ ᠦᠢᠯᠡᠰ︾  ᠤᠨ ᠰᠠᠭᠤᠷᠢᠨ ᠭᠠᠵᠠᠷ ᠤᠨ ᠲᠣᠭᠤᠷᠢᠨ ᠳᠤ᠂ ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ᠂ ᠰᠢᠨᠵᠢᠯᠡᠬᠦ ᠤᠬᠠᠭᠠᠨᠴᠢ ᠪᠠᠷ ᠲᠦᠷᠦᠯ ᠵᠦᠢᠯ ᠢ ᠣᠨᠣᠪᠴᠢᠲᠠᠢ ᠲᠥᠯᠥᠪᠵᠢᠭᠦᠯᠵᠦ᠂ ᠠᠬᠢᠴᠠ᠂ ᠱᠠᠭᠠᠷᠳᠠᠯᠭ᠎ᠠ ᠶᠣᠰᠣᠭᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠠᠮᠵᠢᠯᠴᠠᠬᠤ ᠪᠠᠨ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠣᠬᠢᠷᠠᠭᠤᠯᠵᠤ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃           ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号