ᠦᠴᠦᠸᠠᠨ ᠰᠢᠶᠠᠨ 2023 ᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2023/8/31
     8 ᠰᠠᠷ᠎ᠠ ᠶᠢᠨ 29 ᠤ ᠡᠳᠦᠷ᠂ ᠦᠴᠦᠸᠠᠨ ᠰᠢᠶᠠᠨ 2023 ᠣᠨ ᠤ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠰᠢᠶᠠᠨ ᠤ ᠶᠡᠷᠦᠩᠬᠡᠢ ᠡᠮᠨᠡᠯᠭᠡ ᠶᠢᠨ ᠬᠤᠷᠢᠶ᠎ᠠ᠂ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠰᠣᠷᠢᠯᠲᠠ ᠳᠤ ᠣᠷᠣᠯᠴᠠᠪᠠ᠃
     ᠰᠣᠷᠢᠯᠲᠠ ᠨᠢ ᠬᠥᠮᠥᠨ ᠤ ᠬᠤᠭᠤᠷᠣᠨᠳᠤᠬᠢ ᠬᠤᠯᠤᠭᠠᠨ᠎ᠠ ᠶᠢᠨ ᠬᠢᠵᠢᠭ ᠤᠨ ᠭᠡᠨᠡᠳᠲᠡ ᠶᠢᠨ ᠪᠠᠶᠢᠳᠠᠯ ᠢᠶᠠᠷ ᠠᠷᠤ ᠦᠵᠡᠭᠳᠡᠯ ᠪᠣᠯᠭᠠᠵᠤ᠂ ᠪᠣᠳᠠᠲᠠᠢ ᠬᠥᠮᠥᠨ ᠤ ᠰᠣᠷᠢᠯᠲᠠ ᠳᠤ ᠣᠷᠣᠯᠴᠠᠬᠤ᠂ ᠴᠠᠭ ᠲᠤᠬᠠᠢ ᠳᠤᠨᠢ ᠠᠵᠢᠯᠯᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠡᠪᠡᠳᠴᠢᠲᠡᠨ ᠤ ᠰᠠᠨᠠᠭᠠᠴᠢᠯᠠᠭ᠎ᠠ ᠠᠴᠠ ᠪᠠᠨ ᠡᠪᠡᠳᠴᠢᠨ ᠦᠵᠡᠭᠦᠯᠬᠦ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠶᠢ ᠢᠯᠡᠷᠡᠭᠦᠯᠬᠦ ᠪᠠ ᠳᠡᠭᠡᠭᠰᠢ ᠮᠡᠳᠡᠭᠦᠯᠬᠦ᠂ ᠲᠤᠰᠠᠭᠠᠷᠯᠠᠵᠤ ᠦᠯᠡᠳᠡᠭᠡᠨ ᠦᠵᠡᠬᠦ ᠂ ᠬᠢᠵᠢᠭ ᠤᠨ ᠪᠠᠶᠢᠳᠠᠯ ᠢ ᠮᠡᠳᠡᠭᠦᠯᠬᠦ᠂ ᠲᠤᠬᠠᠢ ᠶᠢᠨ ᠲᠠᠯᠠᠪᠤᠷ ᠲᠤ ᠠᠷᠢᠭᠤᠳᠬᠠᠬᠤ᠂ ᠬᠢᠵᠢᠭᠲᠦ ᠣᠷᠣᠨ ᠢ ᠪᠢᠲᠡᠭᠦᠮᠵᠢᠯᠡᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ᠂ ᠥᠯᠢᠭᠡᠷ ᠡᠳ᠋ ᠴᠤᠭᠯᠠᠭᠤᠯᠬᠤ᠂ ᠬᠢᠵᠢᠭᠲᠦ ᠣᠷᠣᠨ ᠤ ᠬᠢᠵᠢᠭᠲᠦ ᠴᠡᠭ ᠢ ᠰᠢᠢᠳᠪᠦᠷᠢᠯᠡᠬᠦ᠂ ᠬᠤᠯᠤᠭᠠᠨ᠎ᠠ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠵᠡᠷᠭᠡ ᠲᠠᠯ᠎ᠠ ᠪᠠᠷ ᠪᠣᠳᠠᠲᠠᠢ ᠰᠣᠷᠢᠯᠲᠠ ᠬᠢᠵᠡᠢ᠃ ᠪᠦᠬᠦᠶᠢᠯᠡ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠶᠠᠪᠤᠴᠠ ᠶᠢᠨ ᠵᠢᠷᠤᠭ ᠲᠥᠯᠥᠪᠯᠡᠭᠡ ᠨᠢ ᠵᠦᠢ ᠵᠣᠬᠢᠰᠲᠠᠢ᠂ ᠠᠵᠢᠯᠲᠠᠨ ᠪᠠ ᠡᠳ᠋ ᠪᠣᠳᠠᠰ ᠤᠨ ᠪᠡᠯᠡᠳᠬᠡᠯ ᠨᠢ ᠪᠦᠷᠢᠨ ᠭᠦᠢᠴᠡᠳ᠂ ᠲᠤᠬᠠᠢ ᠶᠢᠨ ᠲᠠᠯᠠᠪᠤᠷ ᠤᠨ ᠵᠠᠯᠭᠠᠯᠲᠠ ᠨᠢ ᠨᠢᠭᠲᠠ᠂ ᠰᠢᠢᠳᠪᠦᠷᠢᠯᠡᠯᠲᠡ ᠨᠢ ᠡᠮᠬᠢ ᠵᠢᠷᠤᠮ ᠲᠠᠢ ᠪᠠᠶᠢᠵᠤ᠂ ᠰᠣᠷᠢᠯᠲᠠ ᠨᠢ ᠵᠢᠱᠢᠭᠰᠡᠨ ᠦᠷ᠎ᠡ ᠪᠦᠲᠦᠮᠵᠢ ᠳᠤ ᠬᠦᠷᠦᠭᠰᠡᠨ ᠪᠠᠶᠢᠨ᠎ᠠ᠃      ᠲᠣᠰ ᠤᠳᠠᠭᠠᠨ ᠤ ᠰᠣᠷᠢᠯᠲᠠ ᠪᠠᠷ ᠳᠡᠮᠵᠢᠨ᠂ ᠪᠡᠯᠡᠳᠬᠡᠯ ᠲᠥᠰᠥᠯ ᠢ ᠰᠢᠯᠭᠠᠨ ᠪᠠᠶᠢᠴᠠᠭᠠᠬᠤ᠂ ᠡᠩᠨᠡᠭᠡ ᠪᠠᠨ ᠳᠠᠪᠲᠠᠨ ᠪᠣᠯᠪᠠᠰᠤᠷᠠᠭᠤᠯᠬᠤ᠂ ᠤᠬᠠᠭᠤᠯᠭ᠎ᠠ ᠪᠠᠨ ᠴᠢᠩᠭᠠᠳᠬᠠᠬᠤ ᠵᠣᠷᠢᠯᠭ᠎ᠠ ᠳᠤ ᠬᠦᠷᠴᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠲᠤᠰᠬᠠᠢ ᠮᠡᠷᠭᠡᠵᠢᠯ ᠤᠨ ᠠᠵᠢᠯᠲᠠᠨ ᠤ ᠣᠨᠣᠯ ᠤᠨ ᠮᠡᠳᠡᠯᠭᠡ ᠵᠢᠴᠢ ᠪᠣᠳᠠᠲᠤ ᠪᠠᠶᠢᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠪᠦᠷᠢᠯᠳᠦᠭᠦᠨ ᠨᠢᠭᠡᠴᠡ ᠶᠢᠨ ᠬᠤᠭᠤᠷᠣᠨᠳᠣᠬᠢ ᠨᠡᠪᠲᠡᠷᠡᠯᠴᠡᠭᠡ ᠪᠠ ᠬᠠᠮᠵᠢᠯᠴᠠᠭ᠎ᠠ ᠶᠢ ᠴᠢᠩᠭᠠᠳᠬᠠᠵᠤ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠠᠷᠭᠠᠴᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号