ᠦᠴᠦᠸᠠᠨ ᠰᠢᠶᠠᠨ᠄ ᠥᠷᠭᠡᠨ ᠬᠡᠪᠴᠢᠶᠡᠨ ᠤ ᠤᠬᠠᠭᠤᠯᠭ᠎ᠠ ᠪᠠᠷ ᠠᠭᠤᠷ ᠠᠮᠢᠰᠬᠤᠯ ᠢ ᠪᠣᠶ ᠪᠣᠯᠭᠠᠵᠤ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯᠯᠠᠭ᠎ᠠ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/8/31
     ᠪᠥᠬᠦ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠣᠶᠢᠯᠠᠭᠠᠬᠤ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠬᠠᠮᠵᠢᠯᠴᠠᠬᠤ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 29 ᠤ ᠡᠳᠦᠷ᠂ ᠰᠢᠶᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠤᠰᠬᠠᠢ ᠠᠩᠭᠢ ᠦᠴᠦᠸᠠᠨ ᠰᠢᠶᠠᠨ ᠤ ᠨᠣᠬᠠᠢ ᠶᠢᠨ ᠬᠤᠰᠢᠭᠤ ᠶᠢᠨ ᠰᠣᠶᠣᠯ ᠤᠨ ᠨᠠᠶᠢᠷ ᠤᠨ ᠠᠵᠢᠯᠯᠠᠭ᠎ᠠ ᠶᠢᠨ ᠬᠤᠭᠤᠴᠠᠭ᠎ᠠ ᠶᠢ ᠠᠰᠢᠭᠯᠠᠨ ᠪᠥᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢ ᠥᠷᠨᠢᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠡᠪᠬᠡᠮᠡᠯ ᠬᠠᠭᠤᠳᠠᠰᠤ ᠲᠠᠷᠬᠠᠭᠠᠬᠤ᠂ ᠸᠢᠴᠠᠲ ᠤᠨ ᠺᠣᠳ᠋ ᠰᠢᠷᠪᠢᠬᠦ ᠪᠠᠷ ᠳᠡᠮᠵᠢᠨ ᠨᠡᠶᠢᠲᠡ ᠶᠢᠨ ᠳ᠋ᠤᠭᠠᠷ ᠲᠤ ᠠᠩᠬᠠᠷᠤᠯ ᠢᠶᠠᠨ ᠬᠠᠨᠳᠤᠭᠤᠯᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠶᠢ ᠳᠠᠮᠵᠢᠭᠤᠯᠤᠨ ᠲᠠᠷᠬᠠᠭᠠᠬᠤ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠭᠦᠨᠵᠡᠭᠡᠢ ᠣᠶᠢᠯᠠᠭᠠᠭᠤᠯᠵᠤ᠂ ᠢᠳᠡᠪᠬᠢᠲᠡᠢ ᠣᠷᠣᠯᠴᠠᠭᠤᠯᠵᠠᠢ᠃ ᠡᠭᠦᠨ ᠤ ᠵᠡᠷᠭᠡ ᠳᠤ ᠠᠵᠢᠯᠲᠠᠳ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ᠂ ᠦᠨᠳᠦᠰᠦᠨ ᠠᠭᠤᠯᠭ᠎ᠠ ᠪᠣᠯᠣᠨ ᠠᠴᠢ ᠬᠤᠯᠪᠣᠭᠳᠠᠯ ᠢ ᠣᠯᠠᠨ ᠲᠦᠮᠡᠨ ᠳᠤ ᠬᠠᠯᠠᠰᠢᠷᠠᠯ ᠦᠭᠡᠢ ᠤᠬᠠᠭᠤᠯᠵᠤ᠂ ᠨᠢᠭᠡᠴᠢ ᠶᠢ ᠪᠠᠶᠢᠴᠠᠭᠠᠬᠤ ᠠᠵᠢᠯ ᠤᠨ ᠡᠯ᠎ᠡ ᠵᠦᠢᠯ ᠤᠨ ᠲᠣᠬᠢᠷᠠᠭᠤᠯᠤᠯᠲᠠ ᠪᠣᠯᠣᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠤ ᠰᠡᠵᠢᠭᠯᠡᠯ ᠢ ᠨᠠᠷᠢᠨ ᠲᠠᠶᠢᠯᠪᠤᠷᠢᠯᠠᠭᠰᠠᠨ ᠪᠠᠶᠢᠨ᠎ᠠ᠃
     ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠨᠢ ᠤᠯᠤᠰ ᠲᠤ ᠠᠰᠢᠭᠲᠠᠢ ᠠᠷᠠᠳ ᠲᠤ ᠠᠰᠢᠭᠲᠠᠢ᠂ ᠡᠯ᠎ᠡ ᠵᠦᠢᠯ ᠤᠨ ᠠᠵᠢᠯ ᠦᠢᠯᠡᠰ ᠲᠤ ᠠᠰᠢᠭ ᠬᠦᠷᠲᠡᠭᠡᠨ᠎ᠡ᠃ ᠳᠠᠷᠠᠭᠠᠴᠢ ᠶᠢᠨ ᠠᠯᠬᠤᠮ ᠳᠤ ᠦᠴᠦᠸᠠᠨ ᠰᠢᠶᠠᠨ ᠤ ᠬᠢᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠦᠷᠭᠦᠯᠵᠢᠯᠡᠨ ᠢᠳᠡᠪᠬᠢᠲᠡᠢ ᠪᠠᠷ ᠤᠬᠠᠭᠤᠯᠤᠨ ᠬᠥᠲᠥᠯᠥᠨ ᠵᠢᠯᠤᠭᠤᠳᠴᠤ᠂ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠬᠤ ᠬᠠᠷᠢᠭᠤᠴᠠᠯᠭ᠎ᠠ ᠪᠠ ᠡᠭᠦᠷᠭᠡ ᠶᠢ ᠭᠦᠢᠴᠡᠳ ᠲᠠᠨᠢᠵᠤ᠂ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠦᠨᠡᠨ ᠪᠣᠳᠠᠲᠠᠢ ᠣᠨᠣᠪᠴᠢᠲᠠᠶ ᠨᠡᠶᠢᠳᠡᠮ ᠪᠠᠶᠢᠴᠠᠭᠠᠯᠲᠠ  ᠶᠢᠨ ᠮᠡᠳᠡᠭᠡ ᠵᠠᠩᠭᠢ ᠶᠢ ᠦᠨᠡᠨ ᠮᠦᠨ ᠢᠶᠠᠷ ᠬᠠᠩᠭᠠᠵᠤ᠂ ᠢᠯᠭᠠᠷᠠᠭᠤᠯᠤᠨ ᠪᠠᠶᠢᠴᠠᠭᠠᠬᠤ ᠱᠠᠲᠤᠨ ᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠵᠤ᠂ ᠵᠢᠩᠬᠢᠨᠢ ᠪᠠᠷ ᠨᠡᠶᠢᠳᠡᠮ ᠪᠠᠶᠢᠴᠠᠭᠠᠯᠲᠠ ᠬᠢᠬᠦ ᠳᠤ ᠪᠠᠲᠤ ᠪᠠᠬᠢ ᠰᠠᠭᠤᠷᠢ ᠲᠠᠯᠪᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号