ᠮᠠᠨ ᠤ ᠣᠷᠣᠨ 152 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠮᠥᠩᠭᠦ ᠪᠠᠭᠤᠯᠭᠠᠵᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2023/8/31
     ᠡᠨᠡ ᠵᠢᠯ ᠠᠴᠠ ᠨᠠᠭᠠᠰᠢ᠂ ᠮᠠᠨ ᠤ ᠣᠷᠣᠨ ᠠᠮᠤ ᠪᠤᠳᠠᠭᠠᠨ ᠤ ᠠᠮᠤᠷ ᠲᠦᠪᠰᠢᠨ ᠢ ᠲᠣᠭᠲᠠᠭᠤᠨ ᠪᠠᠶᠢᠯᠭᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠬᠠᠷᠠᠯᠲᠠ ᠡᠭᠦᠷᠭᠡ ᠪᠠᠨ ᠲᠣᠭᠲᠠᠭᠠᠨ ᠡᠷᠲᠡᠬᠡᠨ ᠲᠥᠯᠥᠪᠵᠢᠭᠦᠯᠵᠦ᠂ ᠳᠡᠭᠡᠷ᠎ᠡ ᠬᠠᠭᠠᠰ ᠵᠢᠯ ᠳᠤ ᠨᠡᠶᠢᠲᠡ 152.53 ᠳ᠋ᠦᠩᠰᠢᠭᠤᠷ ᠲᠥᠭᠦᠷᠢᠭ ᠤᠨ ᠬᠤᠯᠪᠣᠭᠳᠠᠯ ᠪᠦᠬᠦᠢ ᠪᠡᠯᠡ ᠮᠥᠩᠭᠦ ᠴᠤᠭᠯᠠᠭᠤᠯᠤᠨ ᠪᠠᠭᠤᠯᠭᠠᠵᠤ᠂ ᠪᠦᠭᠦ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠡ ᠶᠢ ᠨᠡᠮᠡᠭᠳᠡᠭᠦᠯᠬᠦ ᠪᠠᠷ ᠭᠤᠣᠯᠳᠠᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠠ ᠲᠤᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠪᠠ᠃ ᠡᠭᠦᠨ ᠳᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ 1.5 ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠦᠷ᠎ᠡ ᠶᠢᠨ ᠦᠢᠯᠡᠰ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠡᠷᠡᠭᠵᠢᠭᠦᠯᠬᠦ ᠶᠢ ᠠᠬᠢᠭᠤᠯᠪᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ 17.11 ᠳ᠋ᠦᠩᠰᠢᠭᠤᠷ ᠲᠥᠭᠦᠷᠢᠭ ᠤᠨ ᠨᠥᠬᠦᠪᠦᠷᠢ ᠮᠥᠩᠭᠦ ᠶᠢ ᠴᠤᠭᠯᠠᠭᠤᠯᠤᠨ ᠪᠠᠭᠤᠯᠭᠠᠪᠠ᠂ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠡᠯᠡ ᠮᠥᠩᠭᠦ ᠪᠣᠯᠣᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠮᠠᠯ ᠠᠵᠤ ᠠᠬᠤᠢ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠤᠰᠬᠠᠢ ᠪᠡᠯᠡ ᠮᠥᠩᠭᠦ ᠶᠢ 5.35 ᠳ᠋ᠦᠩᠰᠢᠭᠤᠷ ᠲᠥᠭᠦᠷᠢᠭ ᠴᠤᠭᠯᠠᠭᠤᠯᠤᠨ ᠪᠠᠭᠤᠯᠭᠠᠵᠤ᠂ ᠪᠦᠭᠦ ᠣᠷᠣᠨ ᠤ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠬᠠᠮᠢᠶ᠎ᠠ ᠪᠦᠬᠦᠢ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ᠂ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠪᠡ᠃      ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠬᠤ ᠳᠤ ᠭᠤᠣᠯᠳᠠᠯᠭ᠎ᠠ  ᠲᠠᠢ ᠦᠢᠯᠡᠴᠢᠯᠡᠨ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠶᠠᠰᠤ ᠴᠢᠨᠠᠷ ᠤᠨ ᠳᠡᠭᠡᠭᠰᠢᠯᠡᠯᠲᠡ ᠶᠢ ᠲᠡᠮᠵᠢᠪᠠ᠃ ᠡᠭᠦᠨ ᠳᠤ᠂ ᠲᠥᠪ ᠤᠨ ᠡᠳ᠋ ᠤᠨ ᠵᠠᠰᠠᠭ ᠤᠨ 32.2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠠᠭᠤᠯᠭᠠᠵᠤ᠂ ᠪᠦᠭᠦ ᠣᠷᠣᠨ ᠤ ᠡᠯ᠎ᠡ ᠭᠠᠵᠠᠷ ᠤᠨ 285 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠠᠶᠢᠵᠢᠷᠠᠭᠤᠯᠬᠤ ᠶᠢ ᠳᠡᠮᠵᠢᠪᠡ᠂ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠠᠰᠢᠭᠯᠠᠯᠲᠠ ᠶᠢᠨ ᠪᠡᠯᠡ ᠮᠥᠩᠭᠦ ᠶᠢ 18.54 ᠳ᠋ᠦᠩᠰᠢᠭᠤᠷ ᠲᠥᠭᠦᠷᠢᠭ ᠪᠠᠭᠤᠯᠭᠠᠵᠤ ᠲᠠᠷᠢᠶᠠᠨ ᠭᠠᠵᠠᠷ ᠢ ᠰᠡᠯᠭᠦᠨ ᠳᠠᠷᠢᠬᠤ ᠶᠢ ᠳᠡᠮᠵᠢᠵᠦ᠂ ᠪᠦᠭᠦ ᠣᠷᠣᠨ ᠤ ᠠᠮᠤ ᠪᠤᠷᠴᠠᠭ ᠤᠨ ᠲᠠᠷᠢᠮᠠᠯ ᠤᠨ ᠰᠡᠯᠭᠦᠨ ᠳᠠᠷᠢᠬᠤ ᠲᠥᠷᠥᠯ ᠵᠦᠢᠯ ᠢ ᠬᠡᠷᠡᠭᠵᠢᠭᠦᠯᠬᠦ ᠶᠢ ᠠᠭᠢᠭᠤᠯᠪᠠ᠂ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠠᠰᠢᠭᠯᠠᠯᠲᠠ ᠶᠢᠨ ᠪᠡᠯᠡ ᠮᠥᠩᠭᠦ ᠶᠢ 1.36 ᠳ᠋ᠦᠩᠰᠢᠭᠤᠷ ᠲᠥᠭᠦᠷᠢᠭ ᠪᠠᠭᠤᠯᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠳᠡᠮᠵᠢᠵᠦ᠂ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠲᠥᠷᠥᠯ ᠵᠦᠢᠯ ᠢ ᠬᠡᠷᠡᠭᠵᠢᠭᠦᠯᠪᠡ᠃      ᠡᠭᠦᠨ ᠠᠴᠠ ᠭᠠᠳᠠᠨ᠎ᠠ᠂  ᠮᠠᠨ ᠤ ᠣᠷᠣᠨ ᠠᠮᠤ ᠪᠤᠳᠠᠭ᠎ᠠ ᠳᠠᠷᠢᠬᠤ ᠭᠤᠣᠯ ᠴᠣᠭᠴᠠ ᠳᠤ ᠠᠩᠬᠠᠷᠤᠯ ᠢᠶᠠᠨ ᠲᠥᠪᠯᠡᠷᠡᠭᠦᠯᠵᠦ᠂  ᠲᠠᠷᠢᠶᠠᠨ ᠭᠠᠵᠠᠷ ᠤᠨ ᠬᠥᠷᠥᠰᠥ ᠰᠢᠮ᠎ᠡ ᠶᠢ ᠬᠠᠮᠠᠭᠠᠯᠠᠬᠤ ᠨᠥᠬᠦᠪᠦᠷᠢ᠂ ᠠᠮᠤ ᠪᠤᠳᠠᠭ᠎ᠠ ᠳᠠᠷᠢᠭᠰᠠᠨ ᠲᠠᠷᠢᠶᠠᠴᠢᠳ ᠲᠤ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠮᠥᠩᠭᠦ  ᠣᠯᠭᠤᠬᠤ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂  ᠲᠠᠷᠢᠶᠠᠴᠢᠳ ᠤᠨ ᠣᠷᠣᠯᠭ᠎ᠠ ᠶᠢ ᠲᠣᠭᠲᠠᠪᠤᠷᠢᠵᠢᠭᠤᠯᠵᠤ᠂ ᠠᠮᠤ ᠪᠤᠳᠠᠭ᠎ᠠ ᠳᠠᠷᠢᠬᠤ ᠢᠳᠡᠪᠬᠢᠵᠢᠯ ᠢ ᠳᠠᠶᠢᠴᠢᠯᠠᠪᠠ᠂ ᠲᠠᠷᠢᠮᠠᠯ ᠢ ᠥᠷᠭᠡᠳᠬᠡᠨ ᠤᠨᠠᠯᠲᠠ ᠶᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶ᠎ᠠ ᠪᠦᠬᠦᠢ ᠭᠠᠵᠠᠷ ᠣᠷᠣᠨ ᠤ ᠰᠢᠷ᠎ᠠ ᠪᠤᠷᠴᠠᠭ᠂ ᠲᠣᠰᠣᠯᠢᠭ ᠲᠠᠷᠢᠮᠠᠯ ᠤᠨ ᠬᠠᠩᠭᠠᠯᠭ᠎ᠠ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠶᠢ ᠳᠡᠮᠵᠢᠵᠦ᠂ ᠬᠥᠯᠥᠨ ᠪᠤᠶᠢᠷ ᠬᠤᠲᠠ ᠶᠢᠨ ᠰᠢᠷ᠎ᠠ ᠪᠤᠷᠴᠠᠭ ᠢ ᠨᠥᠭᠡᠴᠡᠯᠡᠨ ᠲᠣᠬᠢᠷᠠᠭᠤᠯᠬᠤ᠂ ᠨᠥᠭᠡᠴᠡᠯᠡᠨ ᠬᠠᠳᠠᠭᠠᠯᠠᠬᠤ ᠪᠡᠯᠡ ᠮᠥᠩᠭᠦ ᠶᠢ 0.66 ᠳ᠋ᠦᠩᠰᠢᠭᠤᠷ ᠲᠥᠭᠦᠷᠢᠭ ᠪᠠᠭᠤᠯᠭᠠᠵᠤ᠂ ᠰᠢᠷ᠎ᠠ ᠪᠤᠷᠴᠠᠭ ᠤᠨ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠠᠮᠤ ᠪᠤᠳᠠᠭ᠎ᠠ ᠳᠠᠷᠢᠭᠰᠠᠨ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠵᠤ᠂ ᠦᠯᠡᠳᠡᠵᠦ ᠪᠠᠶᠢᠭ᠎ᠠ ᠰᠢᠷ᠎ᠠ ᠪᠤᠷᠴᠠᠭ ᠤᠨ ᠪᠣᠷᠤᠯᠠᠭᠤᠯᠭ᠎ᠠ ᠶᠢ ᠠᠬᠢᠭᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号