ᠮᠠᠨ ᠤ ᠣᠷᠣᠨ ᠬᠡᠰᠡᠭ ᠭᠠᠵᠠᠷ ᠣᠷᠣᠨ ᠳᠤ ᠭᠠᠩ ᠬᠠᠭᠰᠠᠷᠠᠭᠠᠨ ᠲᠠᠢ ᠲᠡᠮᠡᠴᠡᠬᠦ ᠳᠥᠷᠪᠡᠳᠦᠭᠡᠷ ᠳᠡᠰ  ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2023/8/31
     ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠠᠴᠠ ᠣᠶᠢᠯᠠᠭᠠᠭᠰᠠᠨ ᠠᠴᠠ᠂ ᠮᠠᠨ ᠤ ᠣᠷᠣᠨ ᠤ ᠳᠤᠮᠳᠠ ᠪᠠ ᠪᠠᠷᠠᠭᠤᠨ ᠪᠡᠶ᠎ᠡ ᠶᠢᠨ ᠵᠠᠷᠢᠮ ᠭᠠᠵᠠᠷ ᠣᠷᠣᠨ ᠨᠡᠯᠢᠶᠡᠳ ᠬᠦᠨᠳᠦ ᠨᠣᠴᠢᠲᠠᠢ ᠭᠠᠩ ᠬᠠᠭᠰᠠᠷᠠᠭᠠᠨ ᠳᠤ ᠲᠠᠭᠠᠷᠢᠬᠳᠠᠵᠤ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ  ᠠᠴᠠ ᠪᠤᠭᠤᠲᠤ ᠬᠤᠳᠠ  ᠤᠯᠠᠭᠠᠨᠴᠠᠪ ᠬᠤᠳᠠ᠂ ᠪᠠᠶᠠᠨᠨᠠᠭᠤᠷ ᠬᠤᠳᠠ᠂ ᠰᠢᠯᠢ ᠶᠢᠨ ᠭᠤᠣᠯ ᠠᠶᠢᠮᠠᠭ᠂ ᠠᠯᠠᠱᠠ ᠠᠶᠢᠮᠠᠭ ᠵᠡᠷᠭᠡ ᠭᠠᠵᠠᠷ ᠣᠷᠣᠨ ᠳᠤ ᠥᠪᠡᠷᠲᠡᠭᠡᠨ ᠵᠠᠰᠠᠬᠤ ᠣᠷᠣᠨ ᠤ ᠭᠠᠩ ᠬᠠᠭᠰᠠᠷᠠᠭᠠᠨ ᠲᠠᠢ ᠲᠡᠮᠡᠴᠡᠬᠦ ᠳᠥᠷᠪᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠡᠬᠢᠯᠡᠭᠦᠯᠪᠡ᠃      ᠮᠠᠨ ᠤ ᠣᠷᠣᠨ ᠤ ᠳᠤᠮᠳᠠ ᠪᠠ ᠪᠠᠷᠠᠭᠤᠨ ᠪᠡᠶ᠎ᠡ ᠶᠢᠨ ᠵᠠᠷᠢᠮ ᠭᠠᠵᠠᠷ ᠣᠷᠣᠨ ᠤ ᠬᠤᠷ᠎ᠠ ᠳᠤᠨᠳᠠᠰᠤᠨ ᠤ ᠬᠡᠮᠵᠢᠶ᠎ᠡ ᠡᠩ ᠤᠨ ᠵᠢᠯ ᠤᠨ ᠬᠢ ᠠᠴᠠ ᠪᠠᠭ᠎ᠠ ᠪᠠᠶᠢᠵᠤ᠂ ᠨᠡᠯᠢᠶᠡᠳ ᠬᠦᠨᠳᠦ ᠨᠣᠴᠢᠲᠠᠢ ᠭᠠᠩ ᠬᠠᠭᠰᠠᠷᠠᠭᠠᠨ ᠡᠭᠦᠰᠦᠭᠰᠡᠨ ᠮᠥᠷᠲᠡᠭᠡᠨ ᠪᠠᠰᠠ ᠦᠷᠭᠦᠯᠵᠢᠯᠡᠬᠦ ᠬᠠᠨᠳᠤᠰᠢ ᠲᠠᠢ ᠪᠣᠯᠵᠤ ᠪᠠᠶᠢᠨ᠎ᠠ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ᠂ ᠤᠰᠤᠨ ᠠᠰᠢᠭᠯᠠᠯᠲᠠ᠂ ᠴᠠᠭ ᠠᠭᠤᠷ ᠤᠨ ᠰᠠᠯᠠᠭ᠎ᠠ ᠮᠥᠴᠢᠷ ᠬᠠᠮᠲᠤᠷᠠᠨ ᠰᠤᠳᠤᠯᠤᠨ ᠵᠥᠪᠳᠡᠯᠴᠡᠬᠦ ᠪᠠᠷ ᠳᠠᠮᠵᠢᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠪᠤᠭᠤᠲᠤ ᠬᠤᠳᠠ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ᠂ ᠰᠢᠯᠢ ᠶᠢᠨ ᠭᠤᠣᠯ ᠠᠶᠢᠮᠠᠭ᠂ ᠠᠯᠠᠱᠠ ᠠᠶᠢᠮᠠᠭ ᠵᠡᠷᠭᠡ ᠭᠠᠵᠠᠷ ᠣᠷᠣᠨ ᠳᠤ ᠥᠪᠡᠷᠲᠡᠭᠡᠨ ᠵᠠᠰᠠᠬᠤ ᠣᠷᠣᠨ ᠤ ᠭᠠᠩ ᠬᠠᠭᠰᠠᠷᠠᠭᠠᠨ ᠲᠠᠢ ᠲᠡᠮᠡᠴᠡᠬᠦ ᠳᠥᠷᠪᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠡᠬᠢᠯᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠡᠯ᠎ᠡ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠢᠨᠠᠨ ᠵᠢᠯᠤᠭᠤᠳᠴᠤ ᠪᠠᠶᠢᠭᠠᠳ ᠭᠠᠩ ᠬᠠᠭᠰᠠᠷᠠᠭᠠᠨ ᠲᠠᠢ ᠲᠡᠮᠡᠴᠡᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠠᠩ ᠬᠠᠭᠰᠠᠷᠠᠭᠠᠨ ᠤ ᠬᠤᠪᠢᠷᠠᠯᠲᠠ ᠶᠢᠨ ᠪᠠᠶᠢᠳᠠᠯ ᠢ ᠨᠠᠷᠢᠨ ᠨᠢᠭᠲᠠ ᠬᠢᠨᠠᠨ ᠪᠠᠶᠢᠴᠠᠭᠠᠵᠤ᠂ ᠭᠠᠮᠰᠢᠭᠳᠠᠭᠰᠠᠨ ᠪᠠᠶᠢᠳᠠᠯ ᠢ ᠨᠠᠷᠢᠯᠢᠭ ᠪᠦᠷᠢᠳᠬᠡᠨ᠂ ᠤᠰᠤᠨ ᠤ ᠡᠬᠢ ᠪᠠᠶᠠᠯᠢᠭ ᠢ ᠲᠣᠬᠢᠷᠠᠭᠤᠯᠤᠨ ᠬᠠᠮᠢᠶᠠᠷᠬᠤ ᠶᠢ ᠨᠢᠭᠡᠳᠦᠯᠲᠡᠢ ᠲᠥᠯᠥᠪᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠡᠬᠢ ᠪᠠᠶᠠᠯᠢᠭ ᠤᠨ ᠢᠨᠵᠧᠨᠧᠷᠢᠩ  ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠤᠰᠤ ᠲᠠᠲᠠᠵᠤ ᠬᠦᠷᠭᠡᠬᠦ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠪᠠ ᠮᠠᠯᠴᠢᠨ ᠲᠠᠷᠢᠶᠠᠴᠢᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠦᠭᠦ ᠬᠦᠴᠦᠨ  ᠢᠶᠠᠷ ᠢᠶᠠᠨ ᠪᠠᠲᠤᠯᠠᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号