ᠮᠠᠨ ᠤ ᠣᠷᠣᠨ ︽ᠤᠰᠤ ᠠᠷᠪᠢᠯᠠᠬᠤ ᠵᠢᠭᠡᠯᠡᠯᠭᠡ︾ ᠣᠯᠭᠤᠬᠤ ᠶᠢ ᠪᠣᠳᠠᠲᠠᠶᠢᠵᠢᠭᠤᠯᠵᠤ ᠡᠬᠢᠯᠡᠪᠡ
ᠨᠡᠶᠢᠲᠡᠯᠡᠭᠰᠡᠨ ᠴᠠᠭ᠄
2023/8/31
     ᠮᠠᠨ ᠤ ᠣᠷᠣᠨ ᠤ ᠨᠢᠭᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ︽ᠤᠰᠤ ᠠᠷᠪᠢᠯᠠᠬᠤ ᠵᠢᠭᠡᠯᠡᠯᠭᠡ︾ ᠶᠢᠨ ᠪᠡᠯᠡ ᠬᠤᠷᠠᠮᠳᠤᠭᠤᠯᠭ᠎ᠠ ᠶᠢᠨ ᠦᠢᠯᠡᠴᠢᠯᠡᠭᠡᠨ ᠤ ᠰᠢᠰᠲ᠋ᠧᠮ ᠤᠨ ᠬᠢᠨᠠᠨ ᠬᠠᠷᠭᠤᠭᠤᠯᠤᠯᠲᠠ ᠪᠠᠷ ᠳᠡᠮᠵᠢᠨ ᠣᠶᠢᠷ᠎ᠠ ᠳᠤ ᠰᠢᠩ ᠶᠧ ᠪᠠᠩᠬᠢ ᠶᠢᠨ ᠭᠦᠭᠡᠬᠤᠲᠠ ᠳᠠᠬᠢ ᠬᠤᠪᠢᠶᠠᠷᠢ ᠪᠠᠩᠬᠢ ᠠᠴᠠ 100 ᠲᠦᠮᠡᠨ ᠲᠥᠭᠦᠷᠢᠭ ᠤᠨ ᠵᠢᠭᠡᠯᠡᠯᠭᠡ ᠣᠯᠣᠭᠰᠠᠨ ᠪᠠᠶᠢᠨ᠎ᠠ᠃ ᠲᠣᠰ ᠵᠢᠭᠡᠯᠡᠯᠭᠡ ᠶᠢ ᠭᠤᠣᠯᠳᠠᠭᠤ ᠠᠵᠤ ᠠᠬᠤᠶᠢᠯᠠᠯ ᠤᠨ ᠤᠰᠤ ᠠᠷᠪᠢᠯᠠᠬᠤ ᠥᠭᠡᠷᠡᠴᠢᠯᠡᠯᠲᠡ  ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠲᠥᠷᠥᠯ ᠵᠦᠢᠯ ᠤᠨ ᠠᠬᠢᠴᠠ ᠶᠢ ᠦᠨᠳᠦᠰᠦᠯᠡᠨ ᠪᠦᠯᠦᠭ ᠬᠤᠪᠢᠶᠠᠨ ᠲᠠᠷᠬᠠᠭᠠᠵᠤ᠂ ᠲᠦᠷᠦᠭᠦᠤ ᠪᠦᠯᠦᠭ ᠤᠨ 34 ᠲᠦᠮᠡᠨ ᠲᠥᠭᠦᠷᠢᠭ ᠤᠨ ᠵᠢᠭᠡᠯᠡᠯᠭᠡ  ᠶᠢ ᠨᠢᠭᠡᠨᠲᠡ ᠲᠠᠷᠬᠠᠭᠠᠪᠠ᠃ ᠡᠨᠡ ᠨᠢ ᠮᠠᠨ ᠤ ᠣᠷᠣᠨ ︽ᠤᠰᠤ ᠠᠷᠪᠢᠯᠠᠬᠤ ᠵᠢᠭᠡᠯᠡᠯᠭᠡ︾ ᠣᠯᠭᠤᠬᠤ ᠶᠢ ᠪᠣᠳᠠᠲᠠᠶᠢᠵᠢᠭᠤᠯᠵᠤ ᠡᠬᠢᠯᠡᠭᠰᠡᠨ ᠢ ᠬᠠᠷᠠᠭᠤᠯᠵᠤ ᠪᠠᠶᠢᠨ᠎ᠠ᠃      ︽ᠤᠰᠤ ᠠᠷᠪᠢᠯᠠᠬᠤ ᠵᠢᠭᠡᠯᠡᠯᠭᠡ︾ ᠶᠢᠨ ᠪᠡᠯᠡ ᠬᠤᠷᠠᠮᠳᠤᠭᠤᠯᠭ᠎ᠠ ᠶᠢᠨ ᠦᠢᠯᠡᠴᠢᠯᠡᠭᠡ ᠪᠣᠯ ᠮᠠᠨ ᠤ ᠣᠷᠣᠨ ᠤ ᠡᠨᠡ ᠵᠢᠯ ᠤᠨ ᠮᠥᠩᠭᠦᠨ ᠭᠦᠢᠯᠭᠡᠭᠡᠨ ᠢᠶᠠᠷ ᠤᠰᠤ ᠠᠷᠪᠢᠯᠠᠬᠤ ᠶᠢ ᠳᠡᠮᠵᠢᠬᠦ‍ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠠᠶᠢᠵᠤ᠂ 5 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠣᠯᠣᠨ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠭᠦᠭᠡᠬᠤᠲᠠ ᠳᠠᠬᠢ ᠭᠤᠣᠯ  ᠰᠠᠯᠪᠤᠷᠢ ᠪᠠᠩᠬᠢ ᠬᠠᠮᠲᠤᠷᠠᠨ ᠪᠢᠴᠢᠭ ᠮᠠᠲ᠋ᠧᠷᠢᠶᠠᠯ ᠲᠠᠷᠬᠠᠭᠠᠵᠤ᠂ ︽ᠤᠰᠤ ᠠᠷᠪᠢᠯᠠᠬᠤ ᠵᠢᠭᠡᠯᠡᠯᠭᠡ︾ ᠶᠢᠨ ᠳᠡᠮᠵᠢᠬᠦ ᠬᠡᠪᠴᠢᠶ᠎ᠡ᠂ ᠲᠥᠷᠥᠯ ᠵᠦᠢᠯ ᠤᠨ ᠭᠡᠯᠪᠡᠷᠢ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠭᠤᠶᠤᠴᠢᠯᠠᠬᠤ ᠲᠠᠰ ᠳᠠᠷᠠᠭᠠᠯᠠᠯ ᠵᠡᠷᠭᠡ ᠶᠢ ᠲᠣᠳᠣᠷᠬᠠᠶᠢᠯᠠᠵᠤ᠂ ᠪᠡᠯᠡ ᠬᠤᠷᠠᠮᠳᠤᠭᠤᠯᠬᠤ ᠬᠡᠷᠡᠭᠴᠡᠭᠡ ᠱᠠᠭᠠᠷᠳᠠᠯᠭ᠎ᠠ ᠲᠠᠢ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ᠂ ᠤᠰᠤ ᠠᠷᠪᠢᠯᠠᠬᠤ ᠲᠥᠷᠥᠯ ᠵᠦᠢᠯ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠭᠤᠷᠣᠨᠳᠤ ᠲᠤᠰᠬᠠᠢ ᠵᠦᠢᠯ ᠤᠨ ᠪᠡᠯᠡ ᠬᠤᠷᠠᠮᠳᠤᠭᠤᠯᠬᠤ ᠶᠢ ᠵᠣᠯᠭᠠᠭᠤᠯᠬᠤ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠨᠥᠬᠦᠴᠡᠯ ᠳᠤ ᠨᠡᠶᠢᠴᠡᠬᠦ ᠤᠰᠤ ᠠᠷᠪᠢᠯᠠᠬᠤ ᠭᠡᠯᠪᠡᠷᠢ  ᠶᠢᠨ ᠠᠵᠤ ᠠᠬᠤᠶᠢᠯᠠᠯ᠂ ᠤᠰᠤ ᠠᠷᠪᠢᠯᠠᠬᠤ ᠦᠢᠯᠡᠴᠢᠯᠡᠭᠡᠨ ᠤ ᠠᠵᠤ ᠠᠬᠤᠶᠢᠯᠠᠯ᠂ ᠤᠰᠤ ᠠᠷᠪᠢᠯᠠᠬᠤ ᠲᠥᠷᠥᠯ ᠵᠦᠢᠯ  ᠳᠤ ᠵᠢᠭᠡᠯᠡᠯᠭᠡ ᠶᠢᠨ ᠬᠠᠷᠠᠭᠠᠯᠵᠠᠯ ᠦᠵᠡᠭᠦᠯᠭᠦ ᠪᠠᠷ ᠲᠣᠭᠲᠠᠭᠰᠠᠨ ᠪᠠᠶᠢᠨ᠎ᠠ᠃      ᠣᠳᠣᠬᠠᠨ ᠳᠤ ᠠᠵᠤ ᠦᠢᠯᠡᠳᠪᠦᠷᠢ ᠶᠢᠨ ᠬᠤᠳᠠᠯᠳᠤᠭᠠᠨ ᠤ ᠪᠠᠩᠬᠢ᠂ ᠳᠤᠮᠳᠠᠳᠤ ᠤᠯᠤᠰ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠲᠠᠷᠢᠶᠠᠯᠠᠩ ᠤᠨ ᠪᠠᠩᠬᠢ  ᠰᠢᠤᠳᠠᠨ ᠤ ᠬᠠᠳᠠᠭᠠᠯᠠᠮᠵᠢ ᠶᠢᠨ ᠪᠠᠩᠬᠢ᠂ ᠠᠷᠠᠯᠵᠢᠶᠠᠴᠢᠨ ᠤᠷᠢᠬᠤ ᠪᠠᠩᠬᠢ᠂ ᠰᠢᠩ ᠶᠧ ᠪᠠᠩᠬᠢ ᠵᠡᠷᠭᠡ 20 ᠭᠠᠷᠤᠢ ᠪᠠᠩᠬᠢ ᠨᠢᠭᠡᠨᠲᠡ ᠮᠠᠨ ᠤ ᠣᠷᠣᠨ ᠤ ︽ᠤᠰᠤ ᠠᠷᠪᠢᠯᠠᠬᠤ ᠵᠢᠭᠡᠯᠡᠯᠭᠡ︾ ᠶᠢᠨ ᠲᠤᠬᠠᠶᠢᠯᠠᠭᠰᠠᠨ ᠠᠵᠢᠯ ᠳᠤ ᠣᠷᠣᠯᠴᠠᠵᠤ᠂ ᠡᠯ᠎ᠡ ᠪᠠᠩᠬᠢ ᠶᠢᠨ ᠬᠢᠨ ᠤᠰᠤ ᠠᠷᠪᠢᠯᠠᠬᠤ ᠲᠥᠷᠥᠯ ᠵᠦᠢᠯ ᠪᠣᠯᠣᠨ ᠤᠰᠤ ᠠᠷᠪᠢᠯᠠᠬᠤ ᠠᠵᠤ ᠠᠬᠤᠶᠢᠯᠠᠯ ᠳᠤ ᠴᠢᠭᠯᠡᠭᠦᠯᠦᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠳᠣᠷᠬᠠᠢ ᠲᠣᠭᠲᠠᠭᠠᠨ᠂ ᠵᠢᠭᠡᠯᠡᠯᠭᠡ ᠶᠢ ᠬᠢᠨᠠᠨ ᠵᠥᠪᠰᠢᠶᠡᠷᠡᠬᠦ ᠵᠢᠴᠢ ᠵᠢᠭᠡᠯᠡᠯᠭᠡ ᠲᠠᠯᠪᠢᠬᠤ ᠳᠡᠰ ᠳᠠᠷᠠᠭᠠᠯᠠᠯ ᠤᠨ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠪᠠ᠃ ᠮᠠᠨ ᠤ ᠣᠷᠣᠨ ᠲᠠᠷᠠᠭᠠᠴᠢ ᠪᠠᠷ ︽ᠤᠰᠤ ᠠᠷᠪᠢᠯᠠᠬᠤ ᠵᠢᠭᠡᠯᠡᠯᠭᠡ︾ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠣᠯᠣᠨ ᠲᠥᠷᠥᠯ ᠵᠦᠢᠯ ᠤᠨ ︽ᠤᠰᠤ ᠠᠷᠪᠢᠯᠠᠬᠤ ᠵᠢᠭᠡᠯᠡᠯᠭᠡ︾ ᠭᠤᠶᠤᠴᠢᠯᠠᠬᠤ ᠶᠢ ᠢᠳᠡᠪᠬᠢᠲᠡᠢ ᠬᠥᠲᠥᠯᠥᠨ ᠵᠢᠯᠤᠭᠤᠳᠴᠤ᠂ ︽ᠤᠰᠤ ᠠᠷᠪᠢᠯᠠᠬᠤ ᠵᠢᠭᠡᠯᠡᠯᠭᠡ︾ ᠶᠢᠨ ᠪᠡᠯᠡ ᠬᠤᠷᠠᠮᠳᠤᠭᠤᠯᠭ᠎ᠠ ᠶᠢᠨ ᠦᠢᠯᠡᠴᠢᠯᠡᠭᠡ ᠶᠢ ᠪᠦᠭᠦ ᠣᠷᠣᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号