ᠪᠠᠷᠠᠭᠤᠨ ᠤᠯᠠᠭᠠᠨᠪᠤᠯᠠᠭ ᠪᠠᠯᠭᠠᠰᠤ ᠶᠢᠨ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/4
      ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠵᠠᠬᠢᠳᠠᠯ ᠰᠣᠷᠪᠤᠯᠵᠢᠯᠠᠭ᠎ᠠ ᠶᠢᠨ ᠡᠮᠬᠢ ᠵᠢᠷᠤᠮ ᠢ ᠬᠠᠮᠠᠭᠠᠯᠠᠵᠤ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 2 ᠤᠨ ᠡᠳᠦᠷ᠂ ᠪᠠᠷᠠᠭᠤᠨ ᠤᠯᠠᠭᠠᠨᠪᠤᠯᠠᠭ ᠪᠠᠯᠭᠠᠰᠤ ᠪᠠᠯᠭᠠᠰᠤ ᠲᠣᠰᠬᠤᠨ ᠤ ᠺᠠᠳ᠋ᠷᠴᠤᠳ ᠢ ᠵᠣᠬᠢᠶᠠᠨ ᠪᠠᠶᠢᠭᠤᠯᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠲᠥᠪᠯᠡᠷᠡᠭᠦᠯᠦᠨ ᠰᠤᠷᠤᠯᠴᠠᠪᠠ᠃
     ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠣᠨᠴᠠᠯᠢᠭ ᠪᠠ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠲᠠᠢ ᠤᠶᠠᠯᠳᠤᠭᠤᠯᠤᠨ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠲᠡᠦᠬᠡᠲᠦ ᠠᠴᠢ ᠬᠤᠯᠪᠣᠭᠳᠠᠯ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠭᠤᠯᠤᠯ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠳᠤᠷᠠᠳᠬᠤ ᠪᠠ ᠬᠦᠯᠢᠶᠡᠨ ᠠᠪᠴᠤ ᠰᠢᠢᠳᠪᠦᠷᠢᠯᠡᠬᠦ᠂ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠬᠠᠤᠯᠢ ᠵᠦᠢ ᠪᠠ ᠪᠣᠳᠠᠲᠤ ᠪᠠᠶᠢᠳᠠᠯ  ᠲᠠᠢ ᠤᠶᠠᠯᠳᠤᠭᠤᠯᠵᠤ᠂ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠵᠤᠷᠪᠤᠰ ᠳᠠᠷᠠᠭᠠᠯᠠᠨ ᠲᠠᠶᠢᠯᠤᠮᠵᠢ ᠬᠢᠵᠦ᠂ ᠪᠢᠳᠡᠨ ᠤ ᠰᠢᠨ᠎ᠡ ᠴᠠᠭ ᠦᠶ᠎ᠡ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠪᠠ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠬᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠬᠤ᠂ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠬᠠᠯᠠᠮᠵᠢᠯᠠᠬᠤ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠬᠦ ᠳᠤ ᠦᠨᠳᠦᠰᠦᠨ ᠵᠢᠷᠤᠮᠯᠠᠯ ᠬᠠᠩᠭᠠᠵᠠᠢ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠰᠤᠷᠤᠯᠴᠠᠨ ᠲᠤᠭᠤᠰᠢᠯᠠᠭᠤᠯᠬᠤ ᠶᠠᠪᠤᠴᠠ ᠳᠤ ︽ᠳᠦᠷᠢᠮ︾ ᠢ ᠰᠠᠶᠢᠲᠤᠷ ᠤᠬᠠᠭᠤᠯᠬᠤ ᠬᠡᠷᠡᠭᠲᠡᠢ  ᠂ ︽ᠳᠦᠷᠢᠮ︾  ᠢ ᠨᠡᠶᠢᠲᠡᠯᠡᠭᠰᠡᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠠᠴᠠ ᠪᠠᠨ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠵᠤ᠂ ︽ᠳᠦᠷᠢᠮ︾  ᠢ ᠨᠠᠶᠢᠳᠠᠪᠤᠷᠢᠵᠢᠭᠤᠯᠬᠤ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ᠃ ᠬᠤᠶᠠᠷ ᠲᠤ ᠵᠠᠬᠢᠳᠠᠯ ᠰᠣᠷᠪᠤᠯᠵᠢᠯᠠᠭ᠎ᠠ ᠶᠢᠨ ᠰᠢᠢᠳᠪᠦᠷᠢᠯᠡᠯᠲᠡ ᠶᠢᠨ ᠳᠤᠮᠳᠠ ︽ᠳᠦᠷᠢᠮ︾ ᠢ ᠰᠠᠶᠢᠲᠤᠷ ᠵᠢᠷᠤᠮᠯᠠᠬᠤ ᠬᠡᠷᠡᠭᠲᠡᠢ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠵᠣᠭᠰᠣᠯᠲᠠ ᠠᠴᠠ ᠠᠰᠠᠭᠤᠳᠠᠯ ᠢ ᠪᠣᠳᠣᠯᠬᠢᠯᠠᠵᠤ᠂ ᠬᠠᠶᠢᠷ᠎ᠠ ᠰᠡᠳᠬᠢᠯᠭᠡ ᠲᠠᠢ ᠪᠠᠷ ᠤᠯᠠᠨ ᠲᠦᠮᠡᠨ ᠤ ᠵᠥᠷᠢᠴᠡᠯ ᠢ ᠵᠢᠯᠣᠭᠤᠳᠤᠨ ᠨᠠᠮᠳᠠᠭᠤᠯᠵᠤ᠂ ᠪᠠᠴᠢᠮ ᠶᠠᠪᠤᠳᠠᠯ ᠬᠦᠴᠢᠷ ᠶᠠᠪᠤᠳᠠᠯ ᠢ ᠦᠨᠡᠨᠬᠦ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ︔ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠷᠤᠮᠵᠢᠭᠤᠯᠬᠤ᠂ ᠬᠠᠤᠯᠢᠵᠢᠭᠤᠯᠬᠤ᠂ ᠳᠦᠷᠢᠮᠵᠢᠭᠦᠯᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠵᠥᠷᠢᠴᠡᠯ ᠢ ᠰᠢᠢᠳᠪᠦᠷᠢᠯᠡᠬᠦ ᠳᠤᠮᠳᠠ ︽ᠳᠦᠷᠢᠮ︾ ᠢ ᠰᠠᠶᠢᠲᠤᠷ ᠬᠡᠷᠡᠭᠯᠡᠬᠦ ᠬᠡᠷᠡᠭᠲᠡᠢ  ᠃      ᠢᠷᠡᠯᠲᠡ᠄ ᠪᠠᠷᠠᠭᠤᠨ ᠤᠯᠠᠭᠠᠨᠪᠤᠯᠠᠭ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号