ᠬᠠᠷ᠎ᠠ ᠬᠤᠰᠢᠭᠤ ᠰᠢᠶᠠᠩ ᠤᠨ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/4
     ᠳᠡᠭᠡᠳᠦ ᠱᠠᠲᠤᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠥᠬᠦ ᠰᠢᠶᠠᠩ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠮᠵᠢᠯᠴᠠᠬᠤ᠂ ᠲᠣᠰᠬᠤᠨ ᠤ ᠵᠥᠪᠯᠡᠯ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠬᠠᠮᠲᠤᠪᠠᠷ ᠣᠷᠣᠯᠴᠠᠬᠤ︾ ᠵᠠᠷᠴᠢᠮ ᠤᠨ ᠶᠣᠰᠣᠭᠠᠷ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ ᠲᠥᠯᠥᠭᠡ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ᠃ ᠬᠠᠷ᠎ᠠ ᠬᠤᠰᠢᠭᠤ ᠰᠢᠶᠠᠩ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠢᠶᠠᠩ ᠤᠨ ᠳᠠᠷᠤᠭ᠎ᠠ ᠨᠢᠶ᠋ᠧ ᠰᠢᠶᠠᠩ ᠷᠦᠩ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠭᠧᠩ ᠯᠦ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠠᠯᠪᠠᠨ ᠭᠡᠷ ᠤᠨ ᠲᠤᠭ᠎ᠠ ᠪᠦᠷᠢᠳᠬᠡᠯ ᠢᠶᠠᠷ ᠵᠢᠭᠠᠨ ᠵᠢᠯᠣᠭᠤᠳᠤᠭᠴᠢ ᠶᠢᠨ ᠲᠤᠰᠢᠶᠠᠯ ᠢ ᠡᠭᠦᠷᠭᠡᠯᠡᠵᠦ᠂ ᠡᠯ᠎ᠡ ᠲᠣᠰᠬᠤᠨ ᠤ ᠣᠶᠤᠲᠠᠳ ᠨᠡᠶᠢᠳᠡᠮ ᠪᠠᠶᠢᠴᠠᠭᠠᠭᠴᠢ ᠶᠢᠨ ᠲᠤᠰᠢᠶᠠᠯ ᠢ ᠡᠭᠦᠷᠭᠡᠯᠡᠪᠡ᠃ ᠮᠠᠨ ᠤ ᠰᠢᠶᠠᠩ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠳᠤ ᠴᠢᠩᠭ᠎ᠠ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃
     ᠡᠭᠦᠨ ᠤ ᠬᠠᠮᠲᠤ᠂ ᠡᠯ᠎ᠡ ᠲᠣᠰᠬᠤᠨ ᠤ ᠵᠥᠪᠯᠡᠯ 7 ᠰᠠᠷ᠎ᠠ ᠶᠢᠨ 27 ᠤ ᠡᠳᠦᠷ ᠠᠴᠠ 8 ᠰᠠᠷ᠎ᠠ ᠶᠢᠨ 2 ᠤ ᠡᠳᠦᠷ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢ ᠠᠬᠢᠭᠤᠯᠬᠤ ᠬᠤᠷᠠᠯ ᠢ ᠲᠤᠰ ᠲᠤᠰ ᠬᠤᠷᠠᠯᠳᠤᠭᠤᠯᠵᠤ᠂ ᠬᠤᠷᠠᠯ ᠠᠴᠠ ᠳᠡᠭᠡᠳᠦ ᠱᠠᠲᠤᠨ ᠤ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠲᠣᠰᠬᠤᠨ ᠤ ᠬᠢᠨ ︽ᠪᠦᠬᠦ ᠰᠢᠶᠠᠩ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠮᠵᠢᠯᠴᠠᠬᠤ᠂ ᠣᠷᠣᠨ ᠨᠤᠲᠤᠭ ᠱᠠᠲᠤ ᠬᠤᠪᠢᠶᠠᠨ ᠡᠭᠦᠷᠭᠡᠯᠡᠬᠦ᠂ ᠡᠯ᠎ᠡ ᠲᠠᠯ᠎ᠠ ᠶᠢᠨ  ᠬᠢᠨ ᠬᠠᠮᠲᠤᠪᠠᠷ ᠣᠷᠣᠯᠴᠠᠬᠤ︾ ᠵᠠᠷᠴᠢᠮ ᠶᠣᠰᠣᠭᠠᠷ᠂ ᠭᠤᠣᠯᠳᠠᠯᠭ᠎ᠠ ᠶᠢ ᠲᠣᠪᠤᠶᠢᠯᠭᠠᠨ᠂ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠨᠢᠭᠡᠳᠦᠯᠲᠡᠢ ᠵᠣᠬᠢᠶᠠᠨ ᠪᠠᠶᠢᠭᠤᠯᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠨᠡᠶᠢᠳᠡᠮ ᠤᠨ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠡᠢ᠃
     ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠵᠤ᠂ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠨᠡᠶᠢᠳᠡᠮ ᠪᠠᠶᠢᠴᠠᠭᠠᠭᠴᠢ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠢ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠬᠤᠳᠠ ᠶᠢᠨ ᠱᠠᠲᠤᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠭᠠᠵᠠᠷ ᠣᠷᠣᠨ ᠤ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠨᠢᠭᠲᠠᠷᠠᠨ ᠪᠦᠯᠬᠦᠮᠳᠡᠵᠦ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ ᠬᠡᠷᠡᠭᠲᠡᠢ᠃ ᠬᠤᠶᠠᠷ ᠲᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠤᠬᠠᠶᠢᠯᠠᠭᠰᠠᠨ ᠠᠵᠢᠯ ᠢᠶᠠᠨ ᠪᠠᠷᠢᠮᠵᠢᠶ᠎ᠠ ᠳᠤ ᠬᠦᠷᠭᠡᠨ᠎ᠡ᠃ ᠬᠤᠲᠠ᠂ ᠰᠢᠶᠠᠨ ᠤ ᠠᠵᠤ ᠠᠬᠤᠢ ᠨᠡᠶᠢᠭᠡᠮ ᠤᠨ ᠠᠯᠪᠠᠨ ᠭᠡᠷ ᠤᠨ ᠲᠤᠬᠠᠶᠢᠯᠠᠭᠰᠠᠨ ᠠᠵᠢᠯ ᠤᠨ ᠰᠢᠨ᠎ᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠡᠯ᠎ᠡ ᠲᠣᠰᠬᠤᠨ ᠤ ᠶᠡᠷᠦᠩᠬᠡᠶᠢᠯᠡᠭᠰᠡᠨ ᠬᠦᠴᠦᠨ ᠢ ᠵᠣᠬᠢᠴᠠᠭᠤᠯᠬᠤ ᠶᠢ ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠣᠳᠠᠲᠠᠢ ᠳᠤ ᠨᠠᠶᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠥᠷᠭᠡᠨ ᠢᠶᠠᠷ ᠤᠬᠠᠭᠤᠯᠵᠤ᠂ ᠠᠭᠤᠷ ᠠᠮᠢᠰᠬᠤᠯ ᠢ ᠪᠤᠢ ᠪᠣᠯᠭᠠᠨ᠎ᠠ᠃ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠬᠠᠭᠤᠳᠠᠰᠤ᠂ ᠬᠥᠨᠳᠡᠯᠡᠨ ᠪᠢᠴᠢᠭᠡᠰᠦ ᠤᠷᠢᠶ᠎ᠠ ᠯᠣᠽᠦ᠋ᠩ ᠵᠡᠷᠭᠡ ᠠᠷᠭ᠎ᠠ ᠪᠠᠷᠢᠯ ᠢ ᠠᠰᠢᠭᠯᠠᠨ᠂ ᠰᠦᠯᠵᠢᠶᠡᠨ ᠳᠡᠭᠡᠷᠡᠬᠢ ᠲᠠᠪᠴᠠᠩ ᠲᠠᠢ ᠤᠶᠠᠯᠳᠤᠭᠤᠯᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠥᠷᠨᠢᠯᠲᠡ ᠶᠢ ᠪᠣᠶ ᠪᠣᠯᠭᠠᠵᠤ᠂  ᠬᠤᠶᠢᠰᠢᠳᠠ ᠶᠢᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠣᠯᠠᠨ ᠲᠦᠮᠡᠨ ᠤ ᠰᠠᠭᠤᠷᠢ ᠶᠢ ᠲᠠᠯᠪᠢᠵᠤ᠂ ᠡᠷᠦᠬᠡ ᠳᠤ ᠬᠦᠷᠴᠦ ᠪᠦᠷᠢᠳᠬᠡᠬᠦ ᠠᠵᠢᠯ ᠤᠨ ᠬᠠᠮᠵᠢᠯᠴᠠᠬᠤ ᠡᠷᠴᠢᠮ ᠢ ᠢᠳᠡᠪᠬᠢᠯᠡᠨ ᠣᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠦᠢᠯᠡᠳᠦᠯᠭᠡ ᠶᠢᠨ ᠲᠤᠷᠰᠢᠯᠭ᠎ᠠ ᠶᠢ ᠬᠤᠷᠠᠮᠳᠤᠭᠤᠯᠬᠤ ᠬᠡᠷᠡᠭᠲᠡᠢ᠃      ᠢᠷᠡᠯᠲᠡ᠄ ᠬᠠᠷ᠎ᠠ ᠬᠤᠰᠢᠭᠤ ᠰᠢᠶᠠᠩ ᠤᠨ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号