ᠬᠠᠷᠠᠭᠤᠯ ᠪᠠᠯᠭᠠᠰᠤ ᠶᠢᠨ 2023 ᠣᠨ ᠤ ᠠᠷᠪᠠ ᠶᠢᠰᠦᠳᠦᠭᠡᠷ ᠤᠳᠠᠭᠠᠨ ᠤ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/4
     8 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠬᠠᠷᠠᠭᠤᠯ ᠪᠠᠯᠭᠠᠰᠤ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠬᠤᠷᠠᠯ ᠳᠤ ᠣᠷᠣᠯᠴᠠᠵᠤ᠂ ᠵᠠᠯᠠᠭᠤ ᠺᠠᠳ᠋ᠷᠴᠤᠳ ᠬᠤᠷᠠᠯ ᠳᠤ ᠰᠤᠯᠠ ᠣᠷᠣᠯᠴᠠᠪᠠ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠴᠢᠩ ᠬᠤᠷᠠᠯ ᠢ ᠡᠷᠭᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠨ᠎ᠠ᠃ ᠨᠢᠭᠡ ᠳᠤ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤᠨᠢ ᠪᠦᠲᠦᠮᠵᠢᠲᠡᠶ ᠠᠷᠭᠠᠴᠠᠵᠤ᠂ ᠴᠠᠭ ᠠᠭᠤᠷ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃ ᠬᠤᠶᠠᠷ ᠲᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠪᠠᠶᠢᠩᠭᠤ ᠰᠠᠭᠤᠭ᠎ᠠ ᠡᠷᠦᠬᠡ ᠶᠢᠨ ᠭᠡᠷ ᠪᠠᠶᠢᠰᠢᠩ ᠤᠨ ᠶᠠᠰᠤ ᠴᠢᠨᠠᠷ ᠲᠤ ᠬᠡᠪᠢᠰ ᠮᠠᠶ᠋ᠢᠭ ᠤᠨ᠂ ᠲᠣᠣᠷ ᠲᠠᠲᠠᠬᠤ ᠮᠠᠶ᠋ᠢᠭ ᠤᠨ ᠵᠢᠭᠰᠠᠭᠠᠨ ᠪᠠᠶᠢᠴᠠᠭᠠᠯᠲᠠ ᠬᠢᠵᠦ᠂ ᠬᠡᠭᠡᠷ᠎ᠡ ᠬᠤᠨᠣᠭᠯᠠᠬᠤ ᠬᠥᠮᠥᠰ᠂ ᠠᠶᠤᠯᠲᠠᠢ ᠵᠠᠮ ᠤᠨ ᠬᠡᠰᠡᠭ ᠵᠡᠷᠭᠡ ᠶᠢ ᠲᠣᠭᠤᠷᠢᠨ ᠪᠠᠶᠢᠴᠠᠭᠠᠵᠤ᠂ ᠬᠠᠷᠢᠶ᠎ᠠ ᠣᠷᠣᠨ ᠤ ᠳᠣᠲᠣᠷᠠᠬᠢ ᠤᠰᠤᠨ ᠣᠷᠣᠨ᠂ ᠬᠤᠲᠣᠭᠤᠷ ᠭᠠᠵᠠᠷ ᠠᠮᠠᠷᠬᠠᠨ ᠤᠰᠤᠲᠤᠬᠤ ᠣᠷᠣᠨ ᠵᠡᠷᠭᠡ ᠪᠠᠭᠤᠷᠠᠢ ᠭᠠᠵᠠᠷ ᠢ ᠴᠢᠩᠭ᠎ᠠ ᠠᠩᠬᠠᠷᠴᠤ᠂ ᠵᠢᠭᠰᠠᠭᠠᠨ ᠪᠠᠶᠢᠴᠠᠭᠠᠵᠤ ᠣᠯᠣᠭᠰᠠᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠴᠠᠭ ᠲᠤᠬᠠᠢ ᠳᠤᠨᠢ ᠠᠷᠢᠯᠭᠠᠵᠤ᠂ ᠬᠡᠮ ᠰᠣᠭᠤᠭ ᠲᠤ ᠪᠠᠯᠠᠢ ᠣᠷᠣᠨ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠭᠤᠷᠪᠠ ᠳᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷ ᠳᠠᠭᠠᠭᠤᠯᠬᠤ ᠤᠳᠤᠷᠢᠳᠤᠯᠭ᠎ᠠ ᠪᠣᠯᠣᠨ ᠠᠵᠢᠯᠲᠠᠳ ᠡᠷᠬᠡᠪᠰᠢ ᠠᠵᠢᠯ ᠤᠨ ᠪᠠᠶᠢᠷᠢ ᠳᠠᠭᠠᠨ ᠪᠠᠶᠢᠵᠤ᠂ ᠪᠦᠬᠦ ᠡᠳᠦᠷ ᠤᠨ ᠮᠡᠳᠡᠭᠡ ᠵᠠᠩᠭᠢ ᠶᠢ ᠰᠠᠭᠠᠳ ᠦᠭᠡᠢ ᠨᠠᠪᠲᠠᠷᠡᠭᠦᠯᠵᠦ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ᠂ ᠠᠶᠤᠯ ᠤᠨ ᠪᠠᠶᠢᠳᠠᠯ᠂ ᠭᠠᠮᠰᠢᠭ ᠤᠨ ᠪᠠᠶᠢᠳᠠᠯ᠂ ᠦᠶᠡᠷ ᠢ ᠰᠡᠷᠭᠡᠶᠢᠯᠡᠬᠦ ᠠᠵᠢᠯ ᠢ ᠵᠢᠯᠣᠭᠤᠳᠤᠨ ᠲᠣᠬᠢᠷᠠᠭᠤᠯᠬᠤ ᠵᠠᠷᠯᠢᠭ ᠵᠡᠷᠭᠡ ᠶᠢ ᠴᠠᠭ ᠲᠤᠬᠠᠢ ᠳᠤᠨᠢ ᠳᠡᠭᠡᠭᠰᠢ ᠳᠠᠮᠵᠢᠭᠤᠯᠤᠨ ᠳᠣᠭᠤᠭᠰᠢ ᠪᠠᠭᠤᠯᠭᠠᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ ᠡᠳ᠋ ᠪᠣᠳᠠᠰ ᠤᠨ ᠨᠥᠭᠡᠴᠡᠯᠡᠯᠲᠡ ᠶᠢ ᠪᠦᠷᠢᠨ ᠲᠣᠬᠢᠷᠠᠭᠤᠯᠵᠤ᠂ ︽ᠪᠡᠯᠡᠳᠬᠡᠭᠡᠳ ᠬᠡᠷᠡᠭᠯᠡᠬᠦ ᠦᠭᠡᠢ ᠠᠴᠠ ᠪᠢᠰᠢ᠂ ᠬᠡᠷᠡᠭᠯᠡᠬᠦ ᠦᠶ᠎ᠡ ᠳᠤ ᠪᠡᠯᠡᠳᠬᠡᠯ ᠦᠭᠡᠢ ᠪᠠᠶᠢᠵᠤ ᠪᠣᠯᠬᠤ ᠦᠭᠡᠢ︾ ᠤᠬᠠᠮᠰᠠᠷ ᠢ ᠪᠠᠲᠤ ᠪᠤᠢ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠥᠬᠦᠭᠡᠷᠦᠮᠵᠢ ᠶᠢᠨ ᠪᠠᠲᠤᠯᠠᠭ᠎ᠠ ᠶᠢ ᠴᠢᠩᠭᠠᠳᠬᠠᠵᠤ᠂ ᠦᠶᠡᠷ ᠤᠨ ᠬᠤᠭᠤᠴᠠᠭᠠᠨ ᠤ ᠭᠠᠮᠰᠢᠭ ᠠᠴᠠ ᠠᠪᠤᠷᠠᠬᠤ ᠠᠪᠤᠷᠠᠨ ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃
     ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠢᠩ ᠰᠢᠶᠣᠣ ᠹᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠠᠭᠠᠭᠤᠯᠤᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠩ ᠣᠯᠠᠨ ︽ᠬᠡᠯᠬᠢᠶ᠎ᠡ︾  ᠶᠢᠨ ᠲᠦᠷᠦᠯ ᠵᠦᠢᠯ ᠢ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠵᠤ᠂ ᠪᠥᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢᠨ ᠵᠠᠭᠪᠤᠷ ᠢ ᠪᠣᠶ ᠪᠣᠯᠭᠠᠬᠤ ᠬᠡᠷᠡᠭᠲᠡᠢ᠃ ᠰᠤᠷᠤᠯᠴᠠᠬᠤ ᠰᠤᠷᠲᠠᠯ ᠢ ᠲᠥᠪ ᠪᠣᠯᠭᠠᠬᠤ ᠴᠢᠬᠤᠯᠠ ᠱᠠᠭᠠᠷᠳᠠᠯᠭ᠎ᠠ ᠳᠤ ᠴᠢᠭᠯᠡᠭᠦᠯᠦᠨ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠤᠨ᠂ ᠠᠷᠪᠢᠴᠢ ᠪᠣᠷᠣᠭᠵᠢᠭᠤᠨ ᠰᠤᠷᠲᠠᠯ ᠢ ᠪᠤᠶ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠪᠦᠬᠦ ᠬᠦᠴᠦᠨ ᠢᠶᠠᠷ ᠢᠶᠠᠨ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ︽ᠬᠡᠪᠲᠡᠬᠦ︾ ᠰᠡᠳᠬᠢᠴᠡ ᠶᠢᠨ ᠪᠠᠶᠢᠳᠠᠯ ᠢ ᠲᠠᠰᠤ ᠵᠣᠭᠰᠣᠭᠠᠵᠤ᠂ ︽ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠬᠡᠷᠡᠭᠲᠡᠢ︔ ︽ᠰᠠᠯᠠᠩ ᠵᠠᠳᠠᠭᠠᠢ︾ ᠪᠠᠶᠢᠳᠠᠯ ᠢ ᠲᠠᠰᠤ ᠵᠣᠭᠰᠣᠭᠠᠵᠤ᠂ ︽ᠪᠣᠳᠠᠲᠠᠢ ᠠᠵᠢᠯᠯᠠᠬᠤ ᠪᠣᠯ ᠴᠣᠷ ᠤᠨ ᠭᠠᠭᠴᠠ ᠭᠠᠷᠬᠤ ᠵᠠᠮ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠬᠡᠷᠡᠭᠲᠡᠢ︔ ︽ᠪᠡᠷᠬᠡᠰᠢᠶᠡᠬᠦ︾ ᠰᠡᠳᠬᠢᠯᠭᠡ ᠶᠢ ᠲᠠᠰᠤ ᠵᠣᠭᠰᠣᠭᠠᠵᠤ᠂ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠪᠣᠯ ᠠᠰᠠᠭᠤᠳᠠᠯ ᠢ ᠰᠢᠢᠳᠪᠦᠷᠢᠯᠡᠬᠦ ᠵᠠᠩᠭᠢᠯᠠᠭ᠎ᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠬᠡᠷᠡᠭᠲᠡᠢ︔ ︽ᠲᠦᠯᠬᠢᠯᠴᠡᠬᠦ︾ ᠪᠤᠳᠤᠯ ᠢ ᠲᠡᠪᠴᠢᠵᠦ᠂ ︽ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠪᠣᠯ ᠶᠠᠪᠤᠳᠠᠯ ᠪᠦᠲᠦᠭᠡᠬᠦ ᠶᠢᠨ ᠤᠷᠢᠲᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ᠃ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠶᠢ ᠵᠣᠷᠢᠭᠵᠢᠭᠤᠯᠵᠤ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ︾ ᠶᠢᠨ ᠠᠵᠢᠯ ᠢ ᠠᠬᠢᠭᠤᠯᠬᠤ ᠶᠢ ᠦᠷᠭᠦᠯᠵᠢᠯᠡᠨ ᠴᠢᠩᠭᠠᠳᠬᠠᠵᠤ᠂ ᠨᠢᠭᠡ ᠳᠤ ᠭᠤᠣᠯᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠤᠨ ᠶᠠᠰᠤ ᠴᠢᠨᠠᠷ ᠢ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠰᠢᠨ᠎ᠡ ᠬᠤᠪᠢᠷᠠᠯᠲᠠ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ ︽ᠪᠠᠶᠢᠴᠠᠭᠠᠨ ᠲᠣᠳᠣᠯᠠᠬᠤ᠂ ᠣᠨᠣᠪᠴᠢᠲᠠᠢ ᠪᠠᠶᠢᠴᠠᠭᠠᠬᠤ᠂ ᠪᠦᠷᠢᠨ ᠪᠠᠶᠢᠴᠠᠭᠠᠬᠤ︾ ᠵᠠᠷᠴᠢᠮ ᠶᠣᠰᠣᠭᠠᠷ᠂ ᠳᠠᠪᠬᠤᠷᠳᠠᠭᠰᠠᠨ ᠲᠤᠭ᠎ᠠ ᠪᠠᠷᠢᠮᠲᠠ ᠶᠢ ᠬᠠᠰᠤᠵᠤ᠂ ᠢᠯᠭᠠᠷᠠᠭᠤᠯᠤᠨ ᠪᠠᠶᠢᠴᠠᠭᠠᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ︔ ᠬᠤᠶᠠᠷ ᠲᠤ ᠬᠠᠷᠢᠭᠤᠴᠠᠯᠭ᠎ᠠ ᠶᠢᠨ ᠨᠡᠶᠢᠯᠡᠮᠡᠯ ᠬᠦᠴᠦᠨ ᠢ ᠪᠣᠳᠠᠲᠠᠶᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠲᠡᠭᠦᠯᠳᠡᠷᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠲᠣᠰᠬᠤᠨ ᠤ ᠨᠡᠶᠢᠳᠡᠮ ᠪᠠᠶᠢᠴᠠᠭᠠᠭᠴᠢ ᠨᠢ ᠲᠣᠰ ᠨᠡᠶᠢᠳᠡᠮ ᠪᠠᠶᠢᠴᠠᠭᠠᠯᠲᠠ ᠶᠢᠨ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠬᠠᠮᠲᠤ᠂ ᠥᠷᠭᠡᠨ ᠳᠡᠯᠭᠡᠷ ᠤᠬᠠᠭᠤᠯᠭ᠎ᠠ ᠪᠠᠷ ᠳᠠᠮᠵᠢᠭᠤᠯᠤᠨ ᠲᠣᠰᠬᠤᠨ ᠤ ᠠᠷᠠᠳ ᠵᠢᠴᠢ ᠡᠯ᠎ᠡ ᠡᠲᠡᠭᠡᠳ ᠤᠨ ᠬᠥᠮᠥᠰ ᠲᠤ ᠨᠡᠶᠢᠳᠡᠮ ᠪᠠᠶᠢᠴᠠᠭᠠᠯᠲᠠ ᠶᠢ ᠨᠠᠩ ᠢᠯᠡᠭᠦᠦ ᠣᠶᠢᠯᠠᠭᠠᠨ᠂ ᠨᠡᠶᠢᠳᠡᠮ ᠪᠠᠶᠢᠴᠠᠭᠠᠯᠲᠠ ᠶᠢ ᠳᠡᠮᠵᠢᠵᠦ᠂ ᠨᠡᠶᠢᠳᠡᠮ ᠪᠠᠶᠢᠴᠠᠭᠠᠯᠲᠠ ᠳᠤ ᠬᠠᠮᠵᠢᠯᠴᠠᠨ᠂ ᠨᠡᠶᠢᠳᠡᠮ ᠪᠠᠶᠢᠴᠠᠭᠠᠯᠲᠠ ᠳᠤ ᠣᠷᠣᠯᠴᠠᠬᠤ ᠪᠣᠯᠭᠠᠬᠤ ᠬᠡᠷᠡᠭᠲᠡᠢ᠃      ᠢᠷᠡᠯᠲᠡ᠄ ᠬᠠᠷᠠᠭᠤᠯ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号