ᠦᠴᠦᠸᠠᠨ ᠰᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ
ᠨᠡᠶᠢᠲᠡᠯᠡᠭᠰᠡᠨ ᠴᠠᠭ᠄
2023/8/4
      8 ᠰᠠᠷ᠎ᠠ ᠶᠢᠨ 1 ᠤ ᠡᠳᠦᠷ᠂ ᠦᠴᠦᠸᠠᠨ ᠰᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠬᠢᠵᠦ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ᠂ ᠲᠡᠷᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠳᠤ ᠰᠤᠷᠤᠯᠴᠠᠵᠦ ᠤᠬᠠᠭᠤᠯᠤᠨ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠵᠣᠷᠢᠭ ᠰᠠᠨᠠᠭᠠᠨ ᠤ ᠮᠥᠨ ᠴᠢᠨᠠᠷ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠰᠢᠶᠠᠨ ᠤ ᠬᠢᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠶᠢ ᠬᠥᠲᠥᠯᠥᠨ ᠵᠢᠯᠤᠭᠤᠳᠴᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠤᠷᠤᠭᠰᠢᠯᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠱᠤᠤ ᠯᠢᠨ ᠤᠬᠠᠭᠤᠯᠤᠨ ᠲᠠᠶᠢᠯᠪᠤᠷᠢᠯᠠᠬᠤ ᠬᠤᠷᠠᠯ ᠢ ᠡᠷᠬᠢᠯᠡᠪᠡ᠃
     ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠶᠠᠩ ᠰᠢᠩ ᠱᠧᠩ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠮᠠᠨ ᠤ ᠰᠢᠶᠠᠨ ᠳᠤ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠠᠬᠢᠭᠤᠯᠵᠤ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠭᠤᠷᠪᠠᠨ ᠲᠠᠯ᠎ᠠ ᠳᠤ ᠭᠦᠨᠵᠡᠭᠡᠢ ᠲᠠᠶᠢᠯᠤᠮᠵᠢ ᠪᠠ ᠤᠬᠠᠭᠤᠯᠤᠨ ᠲᠠᠶᠢᠯᠪᠤᠷᠢᠯᠠᠵᠠᠢ᠃ ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠦᠵᠡᠯ ᠰᠠᠨᠠᠭ᠎ᠠ ᠭᠦᠨᠵᠡᠭᠡᠢ ᠪᠠᠶᠢᠵᠤ᠂ ᠪᠣᠳᠠᠲᠠᠢ ᠲᠠᠢ ᠨᠢᠭᠲᠠ ᠤᠶᠠᠯᠳᠤᠭᠤᠯᠵᠤ᠂ ᠪᠦᠬᠦ ᠰᠢᠶᠠᠨ ᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠡᠨᠡ ᠤᠳᠠᠭᠠᠨ ᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠲᠠᠢ ᠬ‍‌ᠬᠠᠷᠢᠴᠠᠭᠤᠯᠵᠤ᠂ ᠤᠬᠠᠮᠰᠠᠷ ᠠᠴᠠ ᠪᠠᠨ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠠᠴᠠ ᠪᠠᠶᠢᠷᠢ ᠲᠣᠭᠲᠠᠭᠠᠯᠲᠠ᠂ ᠡᠭᠦᠷᠭᠡ ᠡᠷᠢᠵᠦ᠂ ᠰᠢᠶᠠᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ  ᠲᠠᠢ ᠤᠶᠠᠯᠳᠤᠭᠤᠯᠤᠨ᠂ ᠲᠤᠭᠤᠰᠢᠯᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠠᠶᠢᠳᠠᠪᠤᠷᠢᠵᠢᠭᠤᠯᠤᠯᠲᠠ ᠶᠢ ᠪᠠᠴᠢᠮ ᠶᠠᠭᠠᠷᠠᠯᠲᠠᠢ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠰᠠᠶᠢᠲᠤᠷ ᠬᠥᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠪᠠᠴᠢᠮ ᠬᠦᠴᠢᠷ ᠵᠣᠪᠠᠭᠤᠷᠢ ᠲᠠᠢ ᠠᠷᠠᠳ ᠤᠨ ᠠᠮᠢᠳᠤᠷᠠᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠶᠢᠨ ᠰᠠᠶᠢᠬᠠᠨ ᠪᠠᠶᠢᠳᠠᠯ ᠢ ᠰᠠᠶᠢᠲᠤᠷ ᠬᠠᠮᠠᠭᠠᠯᠠᠵᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠵᠦ᠂ ᠣᠷᠭᠢᠯᠤᠮ᠎ᠠ ᠬᠠᠯᠠᠭᠤᠨ ᠰᠡᠳᠬᠢᠯᠭᠡ᠂ ᠣᠷᠭᠢᠯᠤᠮ᠎ᠠ ᠬᠠᠯᠠᠭᠤᠨ ᠲᠡᠮᠡᠴᠡᠯ ᠤᠨ ᠵᠣᠷᠢᠭ᠂ ᠭᠦᠢᠴᠡᠳ ᠡᠷᠴᠢ ᠵᠣᠷᠢᠭ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号