ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠬᠥᠭᠵᠢᠯᠲᠡ ᠶᠢ ᠰᠦᠪᠡᠭᠴᠢᠯᠡᠨ ᠡᠷᠡᠮᠡᠬᠡᠶᠢᠯᠡᠨ ᠳᠠᠪᠰᠢᠵᠤ ᠰᠢᠨ᠎ᠡ ᠬᠠᠭᠤᠳᠠᠰᠤ ᠶᠢ ᠪᠢᠴᠢᠭᠯᠡᠨ᠎ᠡ —— ᠦᠴᠦᠸᠠᠨ ᠰᠢᠶᠠᠨ ᠤ ︽ᠠᠵᠢᠯᠯᠠᠭᠰᠠᠨ ᠢᠶᠠᠨ ᠠᠳᠠᠯᠢᠳᠬᠠᠵᠤ ᠠᠵᠢᠯ ᠤᠨ ᠪᠦᠲᠦᠮᠵᠢ ᠪᠠᠨ ᠦᠵᠡᠭᠦᠯᠬᠦ︾ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/4
     ᠪᠥᠬᠦ ᠰᠢᠶᠠᠨ ᠤ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠪᠦᠲᠦᠮᠵᠢ ᠶᠢᠨ ᠬᠠᠭᠤᠳᠠᠰᠤ ᠪᠠᠨ ︽ᠦᠵᠡᠭᠦᠯᠦᠨ︾᠂ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠺᠠᠳ᠋ᠷ ᠣᠯᠠᠨ ᠲᠦᠮᠡᠨ ᠤ ᠠᠵᠢᠯ ᠦᠢᠯᠡᠰ ᠴᠣᠭᠴᠠᠯᠠᠬᠤ ᠶᠢᠨ ᠴᠤᠭ ᠵᠢᠪᠬᠤᠭ᠎ᠠ ᠪᠠᠨ ︽ᠠᠳᠠᠯᠢᠳᠬᠠᠨ︾᠂ 7 ᠰᠠᠷ᠎ᠠ ᠶᠢᠨ 29 ᠤ ᠡᠳᠦᠷ᠂ ᠦᠴᠦᠸᠠᠨ ᠰᠢᠶᠠᠨ ᠤ ︽ᠠᠵᠢᠯᠯᠠᠭᠰᠠᠨ ᠢᠶᠠᠨ ᠠᠳᠠᠯᠢᠳᠬᠠᠵᠤ ᠠᠵᠢᠯ ᠤᠨ ᠪᠦᠲᠦᠮᠵᠢ ᠪᠠᠨ ᠦᠵᠡᠭᠦᠯᠬᠦ︾ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠨᠢ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠣᠭᠤᠷᠢᠭ ᠪᠠ ᠬᠦᠬᠡ ᠡᠷᠭᠢ ᠪᠠᠯᠭᠠᠰᠤ ᠳᠤ ᠬᠦᠷᠴᠦ ᠪᠥᠬᠦ ᠡᠳᠦᠷ ᠢᠶᠠᠷ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃
     ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠶ᠋ᠧ ᠴᠢᠦᠢ ᠫᠢᠩ ᠵᠡᠷᠭᠡ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠳᠤᠷᠢᠳᠴᠤ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠ ᠰᠢᠶᠠᠩ ᠪᠠᠯᠭᠠᠰᠤᠨ ᠤ ᠳᠠᠷᠤᠭ᠎ᠠ᠂ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠳᠤ ᠣᠷᠤᠯᠴᠠᠪᠠ᠃
     ᠨᠢᠭᠡ ᠡᠳᠦᠷ ᠤᠨ ᠬᠤᠭᠤᠴᠠᠭᠠᠨ ᠳᠤ᠂ ᠦᠵᠡᠭᠦᠯᠦᠯᠭᠡ ᠶᠢᠨ ᠳᠤᠭᠤᠶᠢᠯᠠᠩ ᠤᠨ ᠬᠢᠨ ᠤᠷᠢᠳ ᠬᠤᠵᠢᠳ ᠦᠴᠦᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠣᠭᠤᠷᠢᠭ ᠪᠣᠯᠣᠨ ᠦᠴᠦᠸᠠᠨ ᠰᠢᠶᠠᠨ ᠤ ᠬᠦᠬᠡ ᠡᠷᠭᠢ ᠪᠠᠯᠭᠠᠰᠤ ᠶᠢᠨ ᠡᠯ᠎ᠡ ᠦᠵᠡᠭᠦᠯᠦᠯᠭᠡ ᠶᠢᠨ ᠴᠡᠭ ᠲᠤ ᠬᠦᠷᠴᠦ᠂ ᠬᠠᠷᠢᠭᠤ ᠮᠡᠳᠡᠭᠦᠯᠦᠯᠲᠡ ᠶᠢ  ᠰᠣᠨᠣᠰᠴᠤ ᠲᠤᠬᠠᠢ ᠶᠢᠨ ᠲᠠᠯᠠᠪᠠᠢ ᠶᠢᠨ ᠰᠣᠯᠢᠯᠴᠠᠭ᠎ᠠ ᠶᠢᠨ ᠬᠡᠯᠪᠡᠷᠢ ᠪᠠᠷ ᠦᠴᠦᠸᠠᠨ ᠰᠢᠶᠠᠨ ᠤ ᠠᠵᠤ ᠦᠢᠯᠡᠰ ᠤᠨ ᠲᠥᠯᠦᠪᠵᠢᠭᠦᠯᠭᠡ ᠶᠢᠨ ᠦᠵᠡᠭᠦᠯᠦᠯᠭᠡ ᠶᠢᠨ ᠣᠷᠳᠣᠨ᠂ ᠥᠪᠥᠷ ᠮᠣᠩᠭᠤᠯ ᠤᠨ ᠯᠢᠤᠢ ᠬᠡᠸ᠋ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠦᠩ ᠵᠢᠶᠠᠨ ᠪᠦᠦ ᠮᠣᠩᠭᠤᠯ ᠬᠤᠨᠴᠢᠷ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ 18 ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃
     ᠲᠣᠰ ᠤᠳᠠᠭᠠᠨ ᠤ ᠲᠥᠷᠥᠯ ᠵᠦᠢᠯ ᠨᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠥᠯᠥᠪᠵᠢᠭᠦᠯᠬᠦ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠬᠤᠯᠪᠣᠭᠳᠠᠨ᠎ᠠ᠃ ᠬᠦᠷᠦᠭᠰᠡᠨ ᠭᠠᠵᠠᠷ ᠪᠣᠯᠭᠠᠨ ᠳᠤ᠂ ᠤᠯᠠᠨ ᠢᠶᠠᠷ ᠢᠶᠠᠨ ᠠᠬᠢᠴᠠ ᠶᠢ ᠦᠵᠡᠵᠦ᠂ ᠬᠤᠪᠢᠷᠠᠯᠲᠠ ᠶᠢ ᠠᠳᠠᠯᠢᠳᠬᠠᠨ᠂ ᠠᠷᠭ᠎ᠠ ᠬᠢᠳᠡᠯ ᠢ ᠰᠤᠷᠴᠤ᠂ ᠮᠠᠨ ᠤ ᠰᠢᠶᠠᠨ ᠤ ᠠᠵᠤ ᠦᠢᠯᠡᠰ ᠢ ᠠᠳᠬᠤᠬᠤ᠂ ᠲᠦᠷᠦᠯ ᠵᠦᠢᠯ ᠢ ᠡᠬᠢᠯᠡᠭᠦᠯᠬᠦ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠢᠳᠡ ᠬᠦᠴᠦᠲᠡᠢ ᠰᠤᠳᠠᠰᠤ ᠶᠢ ᠪᠡᠶᠡᠴᠢᠯᠡᠨ ᠣᠶᠢᠯᠠᠭᠠᠵᠤ᠂ ᠠᠳᠠᠯᠢᠳᠬᠠᠬᠤ ᠰᠤᠷᠤᠯᠴᠠᠬᠤ ᠭᠦᠢᠴᠡᠵᠦ ᠳᠠᠪᠠᠭ᠋ᠤ᠂ ᠡᠷᠡᠯᠬᠡᠭᠯᠡᠨ ᠲᠡᠮᠡᠴᠡᠬᠦ ᠡᠷᠴᠢ ᠵᠣᠷᠢᠭ ᠢ ᠭᠦᠢᠴᠡᠳ ᠬᠥᠭᠵᠢᠭᠡᠵᠡᠢ᠃
     ᠦᠵᠡᠭᠦᠯᠦᠯᠭᠡ ᠳᠠᠭᠤᠰᠤᠭᠰᠠᠨ ᠤ ᠳᠠᠷᠠᠭ᠎ᠠ᠂ ᠰᠢᠶᠠᠨ ᠤ ᠤᠳᠤᠷᠢᠳᠤᠯᠭ᠎ᠠ ᠶᠠᠩ ᠰᠢᠩ ᠱᠧᠩ᠂ ᠬᠠᠳᠠ᠂ ᠶᠠᠨ ᠰᠢᠶᠠᠨ ᠦ᠋ ᠲᠤᠰ ᠲᠤᠰ ᠲᠥᠪᠯᠡᠷᠡᠭᠦᠯᠦᠨ ᠦᠨᠡᠯᠡᠯᠲᠡ ᠬᠢᠪᠡ᠃      ᠦᠨᠡᠯᠡᠯᠲᠡ ᠳᠤ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠠᠵᠤ ᠦᠢᠯᠡᠰ ᠢ ᠠᠳᠬᠤᠬᠤ᠂ ᠲᠦᠷᠦᠯ ᠵᠦᠢᠯ ᠢ ᠠᠳᠬᠤᠬᠤ᠂ ᠠᠷᠠᠯᠵᠢᠶᠠᠴᠢᠨ ᠤᠷᠢᠬᠤ ᠶᠢ ᠠᠳᠬᠤᠬᠤ ᠳᠤ ᠬᠦᠴᠦᠨ ᠢᠶᠠᠨ ᠲᠥᠪᠯᠡᠷᠡᠭᠦᠯᠦᠨ᠂ ᠪᠦᠬᠦ ᠬᠦᠴᠦᠨ ᠢᠶᠠᠷ ᠢᠶᠠᠨ ᠳᠤᠲᠠᠭᠤᠳᠠᠯ ᠢ ᠨᠥᠬᠦᠪᠦᠷᠢᠯᠡᠵᠦ᠂ ᠰᠠᠭᠤᠷᠢ ᠶᠢ ᠪᠠᠳᠤᠳᠬᠠᠨ᠂ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠡᠷᠭᠡ ᠲᠠᠯ᠎ᠠ ᠪᠠᠷ ᠨᠢᠭᠡ ᠪᠦᠯᠦᠭ ᠰᠢᠨ᠎ᠡ ᠲᠦᠷᠦᠯ ᠵᠦᠢᠯ ᠢ ᠰᠦᠪᠡᠭᠴᠢᠯᠡᠨ ᠬᠡᠷᠡᠭᠵᠢᠭᠦᠯᠵᠦ᠂ ᠨᠢᠭᠡ ᠪᠦᠯᠦᠭ ᠰᠠᠶᠢᠨ ᠲᠤᠷᠰᠢᠯᠭ᠎ᠠ ᠶᠢ ᠰᠦᠪᠡᠭᠴᠢᠯᠡᠨ ᠪᠦᠷᠢᠯᠳᠦᠭᠦᠯᠵᠦ᠂ ᠪᠦᠬᠦᠯᠢ ᠴᠣᠭᠴᠠ ᠶᠢᠨ ᠠᠵᠢᠯ ᠳᠤ ᠵᠡᠷᠭᠡᠪᠡᠷ ᠤᠷᠤᠭᠰᠢᠯᠠᠬᠤ᠂ ᠭᠤᠣᠯᠳᠠᠯᠭ᠎ᠠ ᠲᠠᠢ ᠰᠢᠪᠲᠤᠯᠬᠤ᠂ ᠲᠦᠷᠭᠡᠨ ᠳᠡᠭᠡᠭᠰᠢᠯᠡᠭᠦᠯᠬᠦ ᠰᠠᠶᠢᠨ ᠪᠠᠶᠢᠳᠠᠯ ᠢᠯᠡᠷᠡᠵᠡᠢ᠃      ᠦᠨᠡᠯᠡᠯᠲᠡ ᠳᠤ ᠱᠠᠭᠠᠷᠳᠠᠭᠰᠠᠳ ᠨᠢ᠂ ᠪᠦᠬᠦ ᠰᠢᠶᠠᠨ ᠢᠶᠠᠷ ᠢᠶᠠᠨ ᠮᠠᠨ ᠤ ᠰᠢᠶᠠᠨ ᠤ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠪᠣᠯᠣᠨ ᠣᠷᠣᠨ ᠪᠠᠶᠢᠷᠢ ᠶᠢᠨ ᠨᠥᠬᠦᠴᠡᠯ ᠢ ᠤᠯᠠᠮ ᠴᠢᠨᠠᠭᠰᠢᠳᠠ ᠵᠠᠳᠠᠯᠤᠨ ᠰᠤᠳᠤᠯᠵᠤ᠂ ᠭᠤᠣᠯᠯᠠᠬᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ ᠂ ᠬᠦᠷᠢᠶ᠎ᠡ ᠶᠢ ᠨᠠᠷᠢᠨ ᠬᠤᠪᠢᠶᠠᠵᠤ᠂ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠠᠵᠤ ᠠᠬᠤᠢ ᠶᠢᠨ ᠬᠥᠭᠵᠢᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ ᠂ ᠮᠠᠨ ᠤ ᠰᠢᠶᠠᠨ ᠤ ᠤᠮᠠᠷᠠᠲᠤ ᠬᠡᠰᠡᠭ ᠲᠤ ᠪᠠᠶᠢᠭ᠎ᠠ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠣᠭᠤᠷᠢᠭ ᠢ ᠦᠷᠭᠦᠯᠵᠢᠯᠡᠨ ᠲᠡᠭᠦᠯᠳᠡᠷᠵᠢᠭᠦᠯᠦᠨ ᠪᠦᠲᠦᠭᠡᠨ ᠪᠠᠶᠢᠭᠤᠯᠬᠤ ᠶᠢᠨ ᠬᠠᠮᠲᠤ᠂ ᠥᠨᠳᠥᠷ ᠪᠠᠷᠢᠮᠵᠢᠶ᠎ᠠ᠂ ᠥᠨᠳᠥᠷ ᠲᠦᠪᠰᠢᠨ᠂ ᠴᠢᠨᠠᠷ ᠰᠠᠶᠢᠲᠠᠢ ᠡᠮᠦᠨᠡᠲᠦ ᠨᠡᠭᠡᠭᠡᠨ ᠬᠥᠭᠵᠢᠭᠦᠯᠬᠦ ᠣᠷᠣᠨ ᠢ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠴᠢᠳᠠᠪᠬᠢ ᠶᠢ ᠴᠢᠨᠠᠭᠰᠢᠳᠠ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠢ ᠶᠢᠨ ᠨᠡᠮᠡᠭᠳᠡᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ  ᠶᠢ ᠪᠠᠷᠢᠮᠲᠠᠯᠠᠵᠤ᠂ ᠳᠤᠲᠠᠭᠤᠳᠠᠯ ᠢ ᠨᠥᠬᠦᠪᠦᠷᠢᠯᠡᠬᠦ᠂ ᠴᠢᠳᠠᠮᠵᠢ ᠶᠢ ᠴᠢᠩᠭᠠᠳᠬᠠᠬᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠲᠣᠭᠤᠷᠢᠨ ᠳᠤ᠂ ᠨᠠᠷᠢᠯᠢᠭ ᠣᠨᠣᠪᠴᠢᠲᠠᠢ᠂ ᠨᠠᠷᠢᠯᠢᠭ ᠪᠠᠷᠢᠮᠵᠢᠶ᠎ᠠ ᠶᠢ ᠪᠠᠷᠢᠮᠲᠠᠯᠠᠵᠤ᠂ ᠥᠨᠢ ᠤᠳᠠᠭᠠᠨ ᠴᠢᠷᠮᠠᠶᠢᠨ ᠠᠵᠢᠯᠯᠠᠵᠤ᠂ ᠠᠩᠬᠠᠷᠤᠯ ᠬᠦᠴᠦᠨ ᠢᠶᠠᠨ ᠲᠥᠪᠯᠡᠷᠡᠭᠦᠯᠵᠦ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠬᠤᠳᠠ ᠪᠠᠯᠭᠠᠰᠤᠨ ᠤ ᠣᠷᠴᠢᠨ ᠲᠣᠭᠤᠷᠢᠨ ᠢ ᠨᠡᠩ ᠠᠮᠤᠷ ᠲᠦᠪᠰᠢᠨ᠂ ᠨᠡᠩ ᠡᠮᠬᠢ ᠵᠢᠷᠤᠮ ᠲᠠᠢ᠂ ᠨᠡᠩ ᠠᠷᠢᠭᠤᠨ ᠴᠡᠪᠡᠷ ᠪᠣᠯᠭᠠᠵᠤ᠂ ᠡᠭᠦᠨ ᠤ ᠤᠯᠠᠮ ᠠᠴᠠ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃
     ᠦᠨᠡᠯᠡᠯᠲᠡ ᠳᠤ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠵᠣᠷᠢᠭᠲᠠᠢ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ ᠲᠡᠷᠢᠭᠦᠨ ᠳᠤ ᠣᠷᠣᠬᠤ ᠪᠠᠷ ᠲᠡᠮᠡᠴᠡᠵᠦ᠂ ᠲᠤᠰ ᠲᠤᠰ ᠤᠨ ᠠᠵᠢᠯ ᠤᠨ ᠬᠦᠷᠢᠶ᠎ᠡ ᠶᠢᠨ ᠲᠣᠭᠤᠷᠢᠨ ᠳᠤ ᠠᠵᠢᠯ ᠤᠨ ᠰᠡᠳᠬᠢᠴᠡ ᠪᠠᠨ ᠰᠢᠨᠡᠴᠢᠯᠡᠵᠦ᠂ ᠠᠵᠢᠯ ᠤᠨ ᠠᠷᠭ᠎ᠠ ᠪᠠᠨ ᠬᠠᠯᠠᠨ ᠰᠠᠶᠢᠵᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠵᠣᠷᠢᠭᠲᠠᠢ ᠪᠠᠷ ᠰᠢᠪᠲᠤᠯᠤᠨ ᠵᠣᠷᠢᠭᠲᠠᠢ ᠪᠠᠷ ᠲᠡᠮᠡᠴᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠲᠥᠯᠥᠪᠵᠢᠭᠦᠯᠵᠦ᠂ ︽ᠵᠢᠷᠭᠤᠭᠠᠨ ᠰᠢᠨ᠎ᠡ ᠦᠴᠦᠸᠠᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号