ᠳᠤᠮᠳᠠᠳᠤ ᠤᠯᠤᠰ ᠤᠨ ᠲᠠᠯ᠎ᠠ ᠨᠤᠲᠤᠭ ᠤᠨ ᠡᠭᠡᠳᠡᠭᠰᠡᠨ ᠰᠦ ᠶᠢᠨ ᠲᠥᠷᠥᠯ ᠤᠨ ᠠᠩᠬᠠᠳᠠᠭᠴᠢ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯ ᠤᠨ ᠥᠷᠲᠡᠭᠡ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2023/8/4

     8 ᠰᠠᠷ᠎ᠠ ᠶᠢᠨ 2 ᠤᠨ ᠡᠳᠦᠷ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠯ᠎ᠠ ᠨᠤᠲᠤᠭ ᠤᠨ

ᠡᠭᠡᠳᠡᠭᠰᠡᠨ ᠰᠦ ᠶᠢᠨ ᠶᠡᠭᠡ ᠬᠤᠷᠠᠯ ᠵᠢᠴᠢ ᠲᠠᠯ᠎ᠠ ᠨᠤᠲᠤᠭ ᠤᠨ ᠡᠭᠡᠳᠡᠭᠰᠡᠨ ᠰᠦ ᠶᠢᠨ ᠪᠠᠺᠲ᠋ᠧᠷᠢ ᠶᠢᠨ ᠲᠥᠷᠥᠯ ᠤᠨ

ᠡᠬᠢ ᠪᠠᠶᠠᠯᠢᠭ ᠤᠨ ᠬᠥᠮᠥᠷᠭᠡ ᠪᠠᠶᠢᠭᠤᠯᠤᠭᠳᠠᠬᠤ ᠶᠡᠭᠡ ᠬᠤᠷᠠᠯ ᠳᠡᠭᠡᠷ᠎ᠡ᠂ ᠥᠪᠥᠷ ᠮᠣᠩᠭᠤᠯ ᠤᠨ ᠯᠠᠨ ᠭᠧ ᠭᠧ

ᠰᠦ ᠶᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ

ᠠᠵᠢᠯ ᠤᠨ ᠥᠷᠲᠡᠭᠡ ᠶᠢᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠂ ᠡᠨᠡ ᠨᠢ ᠳᠤᠮᠳᠠᠳᠤ ᠤᠯᠤᠰ ᠤᠨ ᠲᠠᠯ᠎ᠠ

ᠨᠤᠲᠤᠭ ᠤᠨ ᠡᠭᠡᠳᠡᠭᠰᠡᠨ ᠰᠦ ᠶᠢᠨ ᠲᠥᠷᠥᠯ ᠤᠨ ᠠᠩᠬᠠᠳᠠᠭᠴᠢ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ

ᠰᠤᠳᠤᠯᠭᠠᠨ ᠤ ᠠᠵᠢᠯ ᠤᠨ ᠥᠷᠲᠡᠭᠡ ᠤᠯᠠᠭᠠᠨᠴᠠᠪ ᠬᠤᠲᠠ ᠳᠤ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠵᠤ

ᠪᠠᠶᠢᠨ᠎ᠠ᠃

     ᠥᠪᠥᠷ ᠮᠣᠩᠭᠤᠯ ᠤᠨ ᠯᠠᠨ ᠭᠧ ᠭᠧ ᠰᠦ ᠶᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠫᠤᠰᠲ

ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ ᠪᠣᠯ ᠳᠤᠮᠳᠠᠳᠤ ᠤᠯᠤᠰ ᠤᠨ ᠲᠠᠯ᠎ᠠ

ᠨᠤᠲᠤᠭ ᠤᠨ ᠡᠭᠡᠳᠡᠭᠰᠡᠨ ᠰᠦ ᠶᠢᠨ ᠲᠥᠷᠥᠯ ᠤᠨ ᠠᠩᠬᠠᠳᠠᠭᠴᠢ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ

ᠰᠤᠳᠤᠯᠭᠠᠨ ᠤ ᠠᠵᠢᠯ ᠤᠨ ᠥᠷᠲᠡᠭᠡ ᠮᠥᠨ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ

ᠳ᠋ᠣᠺᠲ᠋ᠣᠷ ᠴᠢᠳᠠᠪᠤᠷᠢᠲᠠᠨ ᠢ ᠵᠣᠯᠭᠠᠭᠤᠯᠵᠤ᠂ ᠲᠠᠯ᠎ᠠ ᠨᠤᠲᠤᠭ ᠤᠨ ᠡᠭᠡᠳᠡᠭᠰᠡᠨ ᠰᠦ ᠪᠠ ᠲᠠᠯ᠎ᠠ ᠨᠤᠲᠤᠭ ᠤᠨ

ᠪᠠᠺᠲ᠋ᠧᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠎ᠡ᠃

     ᠣᠶᠢᠷ᠎ᠠ ᠶᠢᠨ ᠵᠢᠯ ᠤᠳ ᠲᠤ᠂ ᠤᠯᠠᠭᠠᠨᠴᠠᠪ ᠬᠤᠲᠠ ᠳᠤ ᠯᠠᠨ ᠭᠧ ᠭᠧ᠂ ᠲᠠᠯ᠎ᠠ ᠨᠤᠲᠤᠭ ᠤᠨ ᠰᠢᠨ ᠯᠧ ᠵᠡᠷᠭᠡ

ᠨᠢᠭᠡ ᠪᠦᠯᠦᠭ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠪᠤᠶ ᠪᠣᠯᠵᠤ᠂ ᠡᠭᠡᠳᠡᠭᠰᠡᠨ ᠰᠦ᠂ ᠴᠠᠭᠠᠨ ᠢᠳᠡᠭᠡᠨ᠂

ᠰᠦᠨ ᠲᠠᠯᠬ᠎ᠠ ᠵᠡᠷᠭᠡ ᠬᠡᠷᠡᠭᠯᠡᠭᠴᠢᠳ ᠤᠨ ᠲᠠᠭᠠᠰᠢᠶᠠᠯ ᠢ ᠣᠯᠣᠭᠰᠠᠨ ᠪᠦᠲᠦᠭᠡᠭᠳᠡᠬᠦᠨ ᠢ ᠦᠢᠯᠡᠳᠪᠦᠷᠢᠯᠡᠪᠡ᠃

ᠡᠭᠡᠳᠡᠭᠰᠡᠨ ᠰᠦ ᠶᠢᠨ ᠪᠠᠺᠲ᠋ᠧᠷᠢ ᠶᠢᠨ ᠲᠦᠷᠦᠯ ᠤᠨ ᠥᠪᠡᠰᠦᠪᠡᠨ ᠰᠤᠳᠤᠯᠬᠤ᠂ ᠰᠠᠭᠠᠯᠢ ᠶᠢᠨ ᠦᠨᠢᠶ᠎ᠡ ᠶᠢ ᠨᠠᠷᠢᠯᠢᠭ

ᠣᠨᠣᠪᠴᠢᠲᠠᠢ ᠪᠠᠷ ᠠᠷᠠᠴᠢᠯᠠᠨ ᠲᠡᠵᠢᠭᠡᠬᠦ ᠵᠡᠷᠭᠡ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ 2019

ᠣᠨ ᠳᠤ ᠳᠤᠮᠳᠠᠳᠤ ᠤᠯᠤᠰ ᠤᠨ ᠢᠳᠡᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ︽ᠳᠤᠮᠳᠠᠳᠤ ᠤᠯᠤᠰ ᠤᠨ

ᠲᠠᠯ᠎ᠠ ᠨᠤᠲᠤᠭ ᠤᠨ ᠡᠭᠡᠳᠡᠭᠰᠡᠨ ᠰᠦ ᠶᠢᠨ ᠬᠤᠲᠠ︾ ᠶᠢᠨ ᠴᠣᠯᠠ ᠣᠯᠭᠤᠵᠤ᠂ 2020 ᠣᠨ ᠳᠤ ᠯᠠᠨ ᠭᠧ ᠭᠧ

ᠰᠦ ᠶᠢᠨ ᠦᠢᠯᠡᠰ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠡᠷᠡᠴᠢᠯᠡᠯ ᠢ ᠬᠦᠷᠲᠡᠵᠦ᠂

2021 ᠣᠨ ᠳᠤ ︽ᠤᠯᠠᠭᠠᠨᠴᠠᠪ ᠡᠭᠡᠳᠡᠭᠰᠡᠨ ᠰᠦ︾ ᠶᠢ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ

ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ ᠬᠤᠶᠠᠳᠤᠭᠠᠷ ᠪᠦᠯᠦᠭ ᠤᠨ

ᠪᠦᠭᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠣᠷᠣᠭᠤᠯᠵᠤ᠂

ᠨᠡᠷ᠎ᠡ ᠨᠢᠳᠡᠷ ᠲᠡᠭᠡᠨ ᠨᠡᠶᠢᠴᠡᠭᠰᠡᠨ ᠲᠠᠯ᠎ᠠ ᠨᠤᠲᠤᠭ ᠤᠨ ᠡᠭᠡᠳᠡᠭᠰᠡᠨ ᠰᠦ ᠶᠢᠨ ᠭᠤᠣᠯ ᠣᠷᠣᠨ ᠪᠣᠯᠭᠠᠪᠠ᠃

     ᠨᠢᠭᠡ ᠪᠠᠺᠲ᠋ᠧᠷᠢ ᠠᠴᠠ ᠨᠢᠭᠡ ᠴᠣᠮᠣ ᠡᠭᠡᠳᠡᠭᠰᠡᠨ ᠰᠦ ᠭᠦᠷᠲᠡᠯ᠎ᠡ᠂ ᠪᠠᠺᠲ᠋ᠧᠷᠢ ᠶᠢᠨ ᠲᠦᠷᠦᠯ ᠤᠨ ᠡᠬᠢ

ᠪᠠᠶᠠᠯᠢᠭ ᠤᠨ ᠬᠥᠮᠥᠷᠭᠡ ᠠᠴᠠ ᠲᠠᠯ᠎ᠠ ᠨᠤᠲᠤᠭ ᠤᠨ ᠡᠭᠡᠳᠡᠭᠰᠡᠨ ᠰᠦ ᠶᠢᠨ ᠲᠦᠷᠦᠯ ᠭᠦᠷᠲᠡᠯ᠎ᠡ᠂ ᠳᠠᠭᠢᠭᠠᠳ ᠲᠠᠯ᠎ᠠ

ᠨᠤᠲᠤᠭ ᠤᠨ ᠡᠭᠡᠳᠡᠭᠰᠡᠨ ᠰᠦ ᠶᠢᠨ ᠲᠦᠷᠦᠯ ᠤᠨ ᠠᠩᠬᠠᠳᠠᠭᠴᠢ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯ ᠤᠨ

ᠦᠷᠲᠡᠭᠡ ᠭᠦᠷᠲᠡᠯ᠎ᠡ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠯ᠎ᠠ ᠨᠤᠲᠤᠭ ᠤᠨ ᠡᠭᠡᠳᠡᠭᠰᠡᠨ

ᠰᠦ ᠶᠢᠨ ᠶᠡᠭᠡ ᠬᠤᠷᠠᠯ ᠨᠢ ᠲᠠᠯ᠎ᠠ ᠨᠤᠲᠤᠭ ᠤᠨ ᠡᠭᠡᠳᠡᠭᠰᠡᠨ ᠰᠦ ᠶᠢᠨ ᠲᠠᠪᠤᠳᠠᠭᠢ ᠤᠳᠠᠭ᠎ᠠ ᠶᠢᠨ ᠬᠥᠭᠵᠢᠯᠲᠡ ᠶᠢᠨ

ᠰᠢᠨ᠎ᠡ ᠡᠭᠦᠳᠦᠯᠲᠡ ᠶᠢ ᠭᠡᠷᠡᠴᠢᠯᠡᠵᠦ᠂ ᠤᠯᠠᠭᠠᠨᠴᠠᠪ ᠤᠨ ᠲᠠᠯ᠎ᠠ ᠨᠤᠲᠤᠭ ᠤᠨ ᠰᠠᠶᠢᠨ ᠡᠭᠡᠳᠡᠭᠰᠡᠨ ᠰᠦ ᠶᠢ ᠳᠡᠯᠡᠬᠡᠢ

ᠳ᠋ᠠᠬᠢᠨ ᠳᠤ ᠮᠡᠳᠡᠭᠦᠯᠬᠦ ᠬᠦᠰᠡᠯ ᠢ ᠲᠤᠰᠬᠠᠵᠠᠢ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号