ᠦᠴᠦᠸᠠᠨ ᠰᠢᠶᠠᠨ ᠤ ᠲᠣᠰᠬᠤᠨ ᠳᠤ ᠬᠦᠷᠴᠦ ᠲᠤᠰᠢᠶᠠᠯ ᠡᠭᠦᠷᠭᠡᠯᠡᠬᠦ ᠰᠣᠩᠭᠤᠨ ᠳᠣᠬᠢᠷᠠᠭᠤᠯᠬᠤ ᠰᠤᠷᠤᠭᠴᠢ ᠶᠢ ᠦᠨᠳᠦᠰᠦᠨ ᠱᠠᠲᠤᠨ ᠳᠤ ᠳᠠᠪᠲᠠᠨ ᠪᠣᠯᠪᠠᠰᠤᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/7
     8 ᠰᠠᠷ᠎ᠠ ᠶᠢᠨ 3 ᠤ ᠡᠳᠦᠷ᠂ ᠦᠴᠦᠸᠠᠨ ᠰᠢᠶᠠᠨ ᠤ ᠲᠣᠰᠬᠤᠨ ᠳᠤ ᠬᠦᠷᠴᠦ ᠲᠤᠰᠢᠶᠠᠯ ᠡᠭᠦᠷᠭᠡᠯᠡᠬᠦ ᠰᠣᠩᠭᠤᠨ ᠳᠣᠬᠢᠷᠠᠭᠤᠯᠬᠤ ᠰᠤᠷᠤᠭᠴᠢ ᠶᠢ ᠦᠨᠳᠦᠰᠦᠨ ᠱᠠᠲᠤᠨ ᠳᠤ ᠳᠠᠪᠲᠠᠨ ᠪᠣᠯᠪᠠᠰᠤᠷᠠᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤᠤ ᠸᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠰᠢᠶᠠᠨ ᠤ ᠨᠠᠮ ᠤᠨ ᠬᠤᠷᠢᠶ᠎ᠠ ᠠᠴᠠ ᠬᠡᠰᠡᠭ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠵᠣᠬᠢᠶᠠᠨ ᠪᠠᠶᠢᠭᠤᠯᠬᠤ ᠭᠡᠰᠢᠭᠦᠨ᠂ ᠲᠣᠰᠬᠤᠨ ᠳᠤ ᠬᠦᠷᠴᠦ ᠲᠤᠰᠢᠶᠠᠯ ᠡᠭᠦᠷᠭᠡᠯᠡᠬᠦ ᠰᠣᠩᠭᠤᠨ ᠳᠣᠬᠢᠷᠠᠭᠤᠯᠬᠤ ᠰᠤᠷᠤᠭᠴᠢ᠂ 2022 ᠣᠨ ᠤ ᠰᠣᠩᠭᠤᠨ ᠳᠣᠬᠢᠷᠠᠭᠤᠯᠬᠤ ᠰᠤᠷᠤᠭᠴᠢ ᠵᠡᠷᠭᠡ ᠶᠢ ᠵᠣᠬᠢᠶᠠᠨ ᠪᠠᠶᠢᠭᠤᠯᠵᠤ ᠬᠤᠷᠠᠯ ᠳᠤ ᠣᠷᠣᠯᠴᠠᠭᠤᠯᠪᠠ᠃      ᠬᠤᠷᠠᠯ ᠳᠡᠭᠡᠷ᠎ᠡ᠂ ᠡᠯ ᠹᠧᠨ ᠽᠢ ᠰᠢᠶᠠᠩ ᠤᠨ ᠬᠡᠷᠢᠶᠡᠨ ᠭᠤᠤ ᠲᠣᠰᠬᠤᠨ ᠤ ᠨᠠᠮ ᠤᠨ ᠡᠭᠦᠷ᠂  ᠬᠠᠷᠠᠭᠤᠯ ᠪᠠᠯᠭᠠᠰᠤᠨ ᠤ ᠪᠤᠷᠭᠠᠰᠤ ᠲᠣᠰᠬᠤᠨ ᠤ ᠨᠠᠮ ᠤᠨ ᠡᠭᠦᠷ᠂  ᠲᠠᠯᠠᠨ ᠬᠠᠷ᠎ᠠ ᠰᠢᠶᠠᠩ ᠤᠨ ᠳ᠋ᠠ ᠰᠢᠩ ᠶᠢᠦ ᠲᠣᠰᠬᠤᠨ ᠤ ᠵᠥᠪᠯᠡᠯ ᠤᠨ ᠲᠣᠰᠬᠤᠨ ᠳᠤ ᠲᠤᠰᠢᠶᠠᠯ ᠡᠭᠦᠷᠭᠡᠯᠡᠵᠦ ᠪᠠᠶᠢᠭ᠎ᠠ ᠰᠣᠩᠭᠤᠨ ᠳᠣᠬᠢᠷᠠᠭᠤᠯᠬᠤ ᠰᠤᠷᠤᠭᠴᠢ ᠶᠢᠨ ᠲᠥᠯᠥᠭᠡᠯᠡᠭᠴᠢ ᠲᠤᠰ ᠲᠤᠰ ᠥᠪᠡᠷ ᠤᠨ ᠥᠩᠭᠡᠷᠡᠯᠲᠡ ᠪᠣᠯᠣᠨ ᠳᠠᠷᠠᠭᠠᠴᠢ ᠶᠢᠨ ᠠᠯᠬᠤᠮ ᠤᠨ ᠠᠵᠢᠯ ᠲᠠᠢ ᠪᠠᠨ ᠤᠶᠠᠯᠳᠤᠭᠤᠯᠤᠨ ᠣᠪᠣᠷ ᠢᠶᠠᠨ ᠢᠯᠡᠳᠬᠡᠬᠦ ᠦᠭᠡ ᠬᠡᠯᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠬᠥᠮᠥᠵᠢᠭᠦᠯᠬᠦ ᠪᠠᠲᠤᠯᠠᠭ᠎ᠠ ᠶᠢᠨ ᠦᠢᠯᠡᠴᠢᠯᠡᠭᠡ᠂ ᠰᠠᠬᠢᠯᠭ᠎ᠠ ᠪᠠᠲᠤ ᠳᠦᠷᠢᠮ᠂ ᠬᠢᠨᠠᠨ ᠰᠢᠯᠭᠠᠵᠤ ᠦᠨᠡᠯᠡᠬᠦ᠂ ᠬᠥᠮᠥᠵᠢᠭᠦᠯᠬᠦ ᠲᠥᠯᠥᠪᠯᠡᠭᠡ ᠶᠢᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠢᠯᠡᠭᠦᠬᠡᠨ ᠬᠠᠯᠠᠮᠵᠢᠯᠠᠨ᠂ ᠢᠯᠡᠭᠦᠬᠡᠨ ᠠᠰᠠᠭᠤᠵᠤ᠂ ᠰᠣᠩᠭᠤᠨ ᠳᠣᠬᠢᠷᠠᠭᠤᠯᠬᠤ ᠰᠣᠷᠣᠭᠴᠢ ᠶᠢᠨ ︽ᠪᠠᠭᠤᠵᠤ ᠳᠡᠶᠢᠯᠬᠦ᠂ ᠰᠠᠭᠤᠵᠤ ᠳᠡᠶᠢᠯᠬᠦ᠂ ᠰᠠᠶᠢᠨ ᠠᠵᠢᠯᠯᠠᠵᠤ ᠳᠡᠶᠢᠯᠬᠦ︾   ᠶᠢ ᠦᠨᠡᠨᠬᠦ ᠪᠠᠲᠤᠯᠠᠬᠤ ᠬᠡᠷᠡᠭᠲᠡᠢ᠃ ᠲᠣᠰᠬᠤᠨ ᠳᠤ ᠬᠦᠷᠴᠦ ᠲᠤᠰᠢᠶᠠᠯ ᠡᠭᠦᠷᠭᠡᠯᠡᠬᠦ ᠰᠤᠷᠤᠭᠴᠢ ᠶᠢ ᠰᠣᠩᠭᠤᠨ ᠳᠣᠬᠢᠷᠠᠭᠤᠯᠬᠤ ᠳᠤ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠬᠦ ᠪᠠᠷ ᠬᠡᠪ ᠰᠤᠷᠲᠠᠯ ᠢᠶᠠᠨ ᠪᠣᠯᠭᠠᠬᠤ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠰᠢᠮᠳᠠᠨ ᠰᠤᠷᠤᠯᠴᠠᠵᠤ ᠴᠢᠳᠠᠮᠠᠭᠠᠢ ᠪᠠᠷ ᠰᠡᠳᠬᠢᠬᠦ ᠶᠢ ᠪᠠᠷᠢᠮᠲᠠᠯᠠᠵᠤ᠂ ᠲᠡᠷᠢᠭᠦᠨ ᠤ ᠬᠢ ᠲᠠᠢ ᠠᠳᠠᠯᠢᠳᠬᠠᠨ᠂ ᠰᠢᠨ᠎ᠡ ᠶᠢ ᠡᠭᠦᠳᠦᠨ ᠬᠤᠪᠢᠷᠠᠯᠲᠠ ᠶᠢ ᠡᠷᠢᠯᠬᠢᠯᠡᠵᠦ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠠᠷᠠᠳ ᠤᠨ ᠲᠥᠯᠥᠭᠡ ᠪᠠᠶᠢᠬᠤ ᠰᠡᠳᠬᠢᠯᠭᠡ ᠶᠢ ᠭᠦᠨ ᠵᠤᠵᠠᠭᠠᠨ ᠪᠣᠯᠭᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠮᠡᠳᠡᠬᠦᠢ ᠬᠢᠬᠦᠢ ᠪᠠᠨ ᠨᠢᠭᠡᠳᠬᠡᠬᠦ ᠶᠢ ᠪᠠᠷᠢᠮᠲᠠᠯᠠᠵᠤ᠂ ︽ᠰᠡᠳᠬᠢᠯ ᠲᠠᠶᠢᠪᠤᠩ︾ ᠪᠠᠶᠢᠬᠤ ᠳᠤ ᠨᠠᠩ ᠴᠤ ︽ᠲᠥᠪ ᠴᠢᠬᠡᠴᠢ︾ ᠪᠠᠶᠢᠵᠤ᠂ ᠰᠡᠳᠬᠢᠯ ᠰᠢᠭᠤᠳᠤᠨ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠰᠢᠰᠲ᠋ᠧᠮᠲᠦ ᠰᠡᠳᠬᠢᠬᠦᠢ ᠪᠠ ᠰᠢᠨᠵᠢᠯᠡᠬᠦ ᠤᠬᠠᠭᠠᠨᠴᠢ ᠠᠷᠭ᠎ᠠ ᠪᠣᠳᠣᠯᠭ᠎ᠠ ᠶᠢ ᠴᠢᠩᠭᠠᠳᠬᠠᠨ᠂ ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠤ ᠶᠠᠪᠤᠳᠠᠯ ᠢ ᠢᠯᠡᠭᠦᠬᠡᠨ ᠬᠢᠬᠦ ᠬᠡᠷᠡᠭᠲᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠰᠣᠩᠭᠤᠨ ᠳᠣᠬᠢᠷᠠᠭᠤᠯᠬᠤ ᠰᠤᠷᠤᠬᠴᠢ ᠪᠣᠯ ᠤᠯᠠᠮᠵᠢᠯᠠᠨ ᠵᠠᠯᠭᠠᠮᠵᠢᠯᠠᠭᠴᠢ ᠮᠥᠨ᠂ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠵᠤ᠂ ᠪᠣᠳᠠᠲᠤ ᠪᠠᠶᠢᠳᠠᠯ ᠢ ᠴᠢᠬᠤᠯᠠᠴᠢᠯᠠᠵᠤ᠂ ᠴᠢᠳᠠᠮᠠᠭᠠᠢ ᠪᠠᠷ ᠠᠵᠢᠯ ᠦᠢᠯᠡᠰ ᠪᠦᠲᠦᠭᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠠᠴᠠ ᠬᠠᠩᠭᠠᠭᠰᠠᠨ ᠲᠠᠪᠴᠠᠩ ᠢ ᠨᠠᠨᠳᠢᠩᠨᠠᠵᠤ᠂ ᠰᠢᠨ᠎ᠡ ᠠᠵᠢᠯ ᠤᠨ ᠪᠠᠶᠢᠷᠢ ᠳᠤ ᠰᠠᠭᠤᠷᠢᠯᠠᠵᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠣᠩᠭᠤᠨ ᠳᠣᠬᠢᠷᠠᠭᠤᠯᠬᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠵᠤ᠂ ︽ᠵᠢᠷᠭᠤᠭᠠᠨ ᠰᠢᠨ᠎ᠡ ᠦᠴᠦᠸᠠᠨ︾ ᠢ ᠪᠦᠲᠦᠭᠡᠨ ᠪᠠᠶᠢᠭᠤᠯᠬᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃      ᠬᠤᠷᠠᠯ ᠤᠨ ᠳᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠣᠣ ᠸᠧᠢ ᠲᠤᠬᠠᠢ ᠶᠢᠨ ᠲᠠᠯᠠᠪᠤᠷ ᠤᠨ ᠰᠣᠩᠭᠤᠨ ᠳᠣᠬᠢᠷᠠᠭᠤᠯᠬᠤ ᠰᠣᠷᠣᠭᠴᠢ ᠲᠠᠢ ᠰᠠᠨᠠᠯ ᠢᠶᠠᠨ ᠰᠣᠯᠢᠯᠴᠠᠵᠤ᠂ ᠰᠣᠩᠭᠤᠨ ᠳᠣᠬᠢᠷᠠᠭᠤᠯᠬᠤ ᠰᠣᠷᠣᠭᠴᠢ ᠨᠢᠭᠡᠪᠦᠷᠢ ᠠᠵᠢᠯ ᠳᠤ ᠣᠷᠣᠭᠰᠠᠨ ᠠᠴᠠ ᠨᠠᠰᠢᠬᠢ ᠠᠵᠢᠯ᠂ ᠠᠮᠢᠳᠤᠷᠠᠯ ᠤᠨ ᠪᠠᠶᠢᠳᠠᠯ ᠤᠨ ᠲᠣᠭᠤᠷᠢᠨ ᠳᠤ ᠲᠠᠰ ᠳᠠᠷᠠᠭᠠᠯᠠᠨ ᠶᠠᠷᠢᠶ᠎ᠠ ᠲᠠᠯᠪᠢᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号