ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 21 ᠳ᠋ᠦ᠋ᠭᠡᠷ  ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/7
     8 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 21 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠣᠣᠷ᠎ᠠ ᠬᠠᠭᠠᠰ ᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ᠬᠥᠳᠡᠭᠡ ᠲᠣᠰᠬᠤᠨ ᠤ ᠠᠶᠤᠯᠭᠦᠢ ᠤᠰᠤ ᠤᠮᠳᠠ ᠶᠢᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠦᠴᠦᠸᠠᠨ ᠰᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠣᠬᠠᠢ ᠶᠢᠨ ᠬᠤᠰᠢᠭᠤ ᠶᠢᠨ ᠰᠣᠶᠣᠯ ᠤᠨ ᠨᠠᠶᠢᠷ ᠤᠨ ᠠᠵᠢᠯᠯᠠᠭ᠎ᠠ ᠶᠢᠨ ᠲᠥᠰᠥᠯ︾ ᠢ ᠬᠢᠨᠠᠨ ᠵᠥᠪᠯᠡᠪᠡ᠃      ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠠᠵᠤ ᠠᠬᠤᠢ ᠶᠢᠨ ᠠᠵᠢᠯ ᠢ ᠰᠠᠶᠢᠲᠤᠷ ᠠᠳᠬᠤᠬᠤ ᠪᠣᠯ ᠲᠤᠶᠢᠯ ᠤᠨ ᠵᠠᠩᠭᠢᠯᠠᠭ᠎ᠠ ᠪᠣᠯᠣᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠨ᠂ ᠲᠡᠷᠢᠭᠦᠨ ᠤ ᠬᠢ ᠶᠢ ᠡᠭᠦᠳᠬᠦ᠂ ᠮᠠᠬᠠᠯᠠᠶ ᠳᠤᠨᠢ ᠭᠠᠷᠬᠤ ᠪᠠᠷ ᠲᠡᠮᠡᠴᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠭᠦᠷᠭᠡ ᠬᠠᠷᠠᠯᠲᠠ᠂ ᠠᠵᠢᠯ ᠤᠨ ᠱᠠᠭᠠᠷᠳᠠᠯᠭ᠎ᠠ ᠪᠠᠨ ᠪᠠᠷᠢᠮᠵᠢᠶ᠎ᠠ ᠲᠠᠢ ᠬᠠᠷᠭᠤᠭᠤᠯᠵᠤ᠂ ᠠᠵᠤ ᠠᠬᠤᠢ ᠶᠢᠨ ᠠᠵᠢᠯᠯᠠᠭᠠᠨ ᠤ ᠡᠯ᠎ᠡ ᠵᠦᠢᠯ ᠤᠨ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠵᠢᠯ ᠤᠨ ᠡᠬᠢᠨ ᠤ ᠲᠣᠭᠲᠠᠭᠰᠠᠨ ᠬᠠᠷᠠᠯᠲᠠ ᠪᠠᠨ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠬᠥᠳᠡᠭᠡ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠶᠢᠨ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠠᠷᠠᠳ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠪᠣᠯᠣᠨ ᠠᠮᠢ ᠨᠠᠰᠤᠨ ᠤ ᠡᠷᠡᠭᠦᠯ ᠮᠡᠨᠳᠦ ᠲᠠᠢ ᠬᠤᠯᠪᠣᠭᠳᠠᠨ᠎ᠠ᠂ ᠡᠯ᠎ᠡ ᠰᠢᠶᠠᠩ ᠪᠠᠯᠭᠠᠰᠤ ᠶᠢᠨ ᠬᠢᠨ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ᠤᠯᠠᠨ ᠲᠦᠮᠡᠨ ᠤ ᠤᠬᠠᠮᠰᠠᠷ ᠠᠴᠠ ᠪᠠᠨ ᠤᠰᠤ ᠶᠢ ᠠᠷᠪᠢᠯᠠᠨ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠬᠠᠮᠲᠤ ᠬᠥᠳᠡᠭᠡ ᠲᠣᠰᠬᠤᠨ ᠤ ᠤᠰᠤ ᠬᠠᠩᠭᠠᠬᠤ ᠳᠤ ︽ᠬᠥᠮᠥᠨ ᠪᠦᠬᠦᠨ ᠤᠰᠤ ᠶᠢ ᠬᠡᠷᠡᠭᠯᠡᠵᠦ᠂ ᠬᠥᠮᠥᠨ ᠪᠦᠬᠦᠨ ᠤᠰᠤ ᠶᠢ ᠬᠠᠮᠢᠶᠠᠷᠬᠤ︾ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠠᠷᠪᠠᠨ ᠨᠢᠭᠡᠳᠦᠭᠡᠷ ᠬᠤᠭᠤᠴᠠᠭᠠᠨ ᠤ ᠨᠣᠬᠠᠢ ᠶᠢᠨ ᠬᠤᠰᠢᠭᠤ ᠶᠢᠨ ᠰᠣᠶᠣᠯ ᠤᠨ ᠨᠠᠶᠢᠷ ᠢ ᠡᠷᠬᠢᠯᠡᠬᠦ ᠪᠣᠯ ᠮᠠᠨ ᠤ ᠰᠢᠶᠠᠨ ᠤ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ᠂ ᠰᠣᠶᠣᠯ ᠵᠤᠭᠠᠴᠠᠯ ᠤᠨ ᠡᠬᠢ ᠪᠠᠶᠠᠯᠢᠭ ᠡᠯᠪᠡᠭ ᠳᠡᠯᠪᠡᠭ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠦᠲᠦᠮᠵᠢᠲᠡᠢ ᠠᠴᠢᠶᠠᠯᠠᠪᠤᠷᠢ ᠪᠣᠯᠣᠨ᠎ᠠ᠂ ᠬᠤᠳᠠ ᠪᠠᠯᠭᠠᠰᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠤᠯᠠᠨ ᠲᠦᠮᠡᠨ ᠤ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠣᠶᠣᠯ ᠤᠨ ᠨᠠᠶᠢᠷ ᠤᠨ ᠡᠯ᠎ᠡ ᠵᠦᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠡᠭᠦᠷᠭᠡ ᠪᠠᠨ ᠨᠠᠷᠢᠨ ᠨᠢᠭᠲᠠ ᠵᠠᠳᠠᠯᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠵᠢᠯᠯᠠᠭ᠎ᠠ ᠶᠢ ᠵᠣᠯᠭᠠᠭᠤᠯᠬᠤ ᠂ ᠵᠣᠬᠢᠶᠠᠨ ᠪᠠᠶᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠠᠵᠢᠯᠯᠠᠭ᠎ᠠ ᠶᠢᠨ ᠲᠥᠰᠥᠯ ᠢ ᠤᠯᠠᠮ ᠴᠢᠨᠠᠭᠰᠢᠳᠠ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠬᠡᠯᠪᠡᠷᠢ ᠪᠣᠯᠣᠨ ᠠᠭᠤᠯᠭ᠎ᠠ ᠶᠢᠨ ᠰᠢᠨ᠎ᠡ ᠶᠢ ᠡᠭᠦᠳᠬᠦ ᠶᠢ ᠲᠤᠪᠤᠶᠢᠯᠭᠠᠵᠦ᠂ ᠡᠷᠴᠢ ᠵᠣᠷᠢᠭ ᠢ ᠵᠣᠷᠢᠭᠵᠢᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠬᠥᠭᠵᠢᠯᠲᠡ ᠶᠢ ᠠᠬᠢᠭᠤᠯᠬᠤ ᠪᠠ ᠤᠯᠠᠨ ᠲᠦᠮᠡᠨ ᠳᠤ ᠬᠠᠨᠤᠮᠵᠢᠲᠠᠢ ᠰᠣᠶᠣᠯ ᠤᠨ ᠨᠠᠶᠢᠷ ᠢ ᠴᠢᠷᠮᠠᠶᠢᠨ ᠡᠷᠬᠢᠯᠡᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号