ᠪᠥᠬᠦ ᠰᠢᠶᠠᠨ ᠤ ᠰᠤᠷᠭᠠᠭᠤᠯᠢ ᠶᠢᠨ ᠬᠦᠷᠢᠶᠡᠨ ᠤ ᠪᠡᠯᠡᠳᠬᠡᠮᠵᠢ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠬᠦ ᠲᠤᠬᠠᠢ ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/7
ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠡᠯ᠎ᠡ ᠪᠦᠷᠢᠯᠳᠦᠭᠦᠨ ᠨᠢᠭᠡᠴᠡ ᠳᠤ᠄      2023 ᠣᠨ ᠤ 7 ᠰᠠᠷ᠎ᠠ ᠶᠢᠨ 23  ᠤ ᠡᠳᠦᠷ᠂ ᠴᠢᠴᠢᠬᠠᠷ ᠬᠤᠳᠠ ᠶᠢᠨ 34 ᠳ᠋ᠦ᠋ᠭᠡᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠤ ᠣᠷᠣᠢ ᠨᠤᠷᠠᠭᠰᠠᠨ ᠠᠳᠡᠯ ᠭᠠᠷᠴᠤ᠂ 11 ᠬᠥᠮᠥᠨ ᠠᠳᠡᠵᠦ᠂ ᠪᠢᠳᠡᠨ ᠳᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠡᠮᠵᠢ ᠶᠢᠨ ᠬᠤᠩᠬᠤ ᠶᠢ ᠳᠤᠤᠭᠠᠷᠭᠠᠪᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠨᠢᠭᠡ ᠰᠠᠷ᠎ᠠ ᠶᠢᠨ ᠬᠤᠭᠤᠴᠠᠭ᠎ᠠ ᠲᠠᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠬᠦ ᠪᠠᠷ ᠪᠣᠯᠪᠠ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠴᠡᠭᠴᠡᠯᠡᠨ ᠵᠠᠰᠠᠭᠰᠠᠨ ᠴᠠᠭ      2023 ᠣᠨ ᠤ 7 ᠳ᠋ᠤᠭᠠᠷ ᠰᠠᠷ᠎ᠠ ᠶᠢᠨ 26 ᠤ ᠡᠳᠦᠷ ᠠᠴᠠ 8 ᠳ᠋ᠤᠭᠠᠷ ᠰᠠᠷ᠎ᠠ ᠶᠢᠨ 26 ᠤ ᠡᠳᠦᠷ ᠪᠣᠯᠲᠠᠯ᠎ᠠ      ᠬᠤᠶᠠᠷ᠂ ᠴᠡᠭᠴᠡᠯᠡᠨ ᠵᠠᠰᠠᠬᠤ ᠠᠭᠤᠯᠭ᠎ᠠ      1᠂  ᠪᠥᠬᠦ ᠰᠢᠶᠠᠨ ᠤ ᠡᠯ᠎ᠡ ᠰᠤᠷᠭᠠᠭᠤᠯᠢ ᠶᠢᠨ ᠪᠠᠶᠢᠷᠢ ᠶᠢᠨ ᠪᠠᠷᠢᠯᠭ᠎ᠠ ᠶᠢᠨ ᠪᠡᠯᠡᠳᠬᠡᠮᠵᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠬᠢᠨᠠᠨ ᠲᠣᠭᠲᠠᠭᠠᠬᠤ ᠠᠵᠢᠯ ᠢ ᠥᠷᠨᠢᠭᠦᠯᠵᠦ᠂ ᠰᠤᠷᠭᠠᠭᠤᠯᠢ ᠶᠢᠨ ᠪᠠᠶᠢᠷᠢ ᠶᠢᠨ ᠭᠡᠷ᠂ ᠲᠠᠯᠠᠪᠤᠷ ᠣᠷᠳᠣᠨ᠂ ᠪᠣᠳᠠᠲᠠᠢ ᠪᠣᠯᠪᠠᠰᠤᠷᠠᠭᠤᠯᠤᠯ ᠤᠨ ᠲᠠᠯᠠᠪᠤᠷ ᠭᠠᠵᠠᠷ᠂ ᠵᠢᠭᠠᠨ ᠰᠤᠷᠭᠠᠯᠲᠠ ᠵᠢᠴᠢ ᠠᠮᠢᠳᠤᠷᠠᠯ ᠤᠨ ᠪᠡᠯᠡᠳᠬᠡᠮᠵᠢ ᠵᠡᠷᠭᠡ ᠶᠢᠨ ᠠᠮᠤᠷ ᠲᠦᠪᠰᠢᠨ ᠤ ᠶᠠᠰᠤ ᠴᠢᠨᠠᠷ ᠪᠠ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠢ᠃      2᠂  ᠪᠠᠭᠰᠢ ᠰᠤᠷᠤᠭᠴᠢᠳ ᠤᠨ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠲᠠᠯᠠᠪᠤᠷ ᠣᠷᠳᠣᠨ᠂ ᠠᠵᠢᠯᠯᠠᠭᠠᠨ ᠤ ᠲᠠᠯᠠᠪᠤᠷ ᠭᠠᠵᠠᠷ᠂ ᠢᠯᠠᠩᠭᠤᠶ᠎ᠠ ᠰᠤᠷᠭᠠᠭᠤᠯᠢ ᠶᠢᠨ ᠬᠦᠷᠢᠶᠡᠨ ᠤ ᠭᠡᠷ ᠪᠠᠶᠢᠰᠢᠩ᠂ ᠬᠦᠷᠢᠶ᠎ᠡ ᠬᠡᠷᠡᠮ᠂ ᠶᠡᠭᠡ ᠡᠭᠦᠳᠡ᠂ ᠤᠬᠠᠭᠤᠯᠭ᠎ᠠ ᠶᠢᠨ ᠳᠡᠯᠭᠡᠭᠦᠷ ᠴᠣᠩᠬᠤ᠂ ᠮᠣᠳᠣ᠂ ᠠᠭᠠᠷ ᠲᠣᠬᠢᠷᠠᠭᠤᠯᠤᠭᠴᠢ ᠶᠢᠨ ᠭᠠᠳᠠᠷ ᠮᠠᠰᠢᠨ᠂ ᠡᠭᠦᠳᠡ ᠴᠣᠩᠬᠤ᠂ ᠡᠯᠧᠺᠲᠷᠣᠨ ᠳᠡᠯᠭᠡᠴᠡ᠂ ᠭᠠᠳᠠᠷ ᠬᠡᠷᠡᠮ ᠤᠨ ᠱᠠᠭᠠᠵᠠᠩ ᠲᠣᠭᠤᠰᠬ᠎ᠠ᠂ ᠪᠠᠷᠢᠯᠭ᠎ᠠ ᠶᠢᠨ ᠭᠠᠵᠠᠷ᠂ ᠴᠠᠬᠢᠯᠭᠠᠨ ᠲᠦᠭᠡᠭᠡᠬᠦ ᠲᠣᠰᠣ ᠬᠡᠢ ᠶᠢᠨ ᠪᠡᠯᠡᠳᠬᠡᠮᠵᠢ ᠵᠢᠴᠢ ᠠᠶᠤᠩᠭ᠎ᠠ ᠠᠴᠠ ᠰᠡᠷᠭᠡᠶᠢᠯᠡᠬᠦ ᠲᠣᠨᠣᠭᠯᠠᠯ ᠵᠡᠷᠭᠡ ᠣᠷᠣᠨ ᠪᠠᠶᠢᠷᠢ ᠶᠢᠨ ᠲᠠᠯᠠᠪᠤᠷ ᠭᠠᠵᠠᠷ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃      3᠂ ᠲᠤᠷᠰᠢᠯᠲᠠ ᠳᠤ ᠬᠡᠷᠡᠭᠯᠡᠬᠦ ᠠᠶᠤᠯᠲᠠᠢ ᠬᠢᠮᠢ ᠶᠢᠨ ᠪᠣᠳᠠᠰ ᠢ ᠬᠤᠳᠠᠯᠳᠤᠨ ᠠᠪᠬᠤ᠂ ᠠᠪᠴᠤ ᠬᠡᠷᠡᠭᠯᠡᠬᠦ᠂ ᠳᠠᠩᠰᠠᠯᠠᠬᠤ ᠳᠦᠷᠢᠮ ᠵᠢᠴᠢ ᠲᠤᠷᠰᠢᠯᠲᠠ ᠳᠤ ᠬᠡᠷᠡᠭᠯᠡᠬᠦ ᠬᠠᠶᠠᠭᠳᠠᠮᠠᠯ ᠠᠶᠤᠯᠲᠠᠢ ᠬᠢᠮᠢ ᠶᠢᠨ ᠪᠣᠳᠠᠰ ᠢ ᠰᠢᠢᠳᠪᠦᠷᠢᠯᠡᠬᠦ ᠶᠢ ᠳᠠᠩᠰᠠᠯᠠᠬᠤ ᠳᠦᠷᠢᠮ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠤᠷᠰᠢᠯᠲᠠ ᠶᠢᠨ ᠪᠡᠯᠡᠳᠬᠡᠮᠵᠢ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠵᠤ ᠪᠠᠶᠢᠭ᠎ᠠ ᠪᠠᠶᠢᠳᠠᠯ᠃      4᠂ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠤᠨᠲᠠᠷᠠᠭᠠᠬᠤ ᠪᠡᠯᠡᠳᠬᠡᠮᠵᠢ ᠪᠠ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ ᠪᠠᠶᠢᠳᠠᠯ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠪᠡᠯᠡᠳᠬᠡᠯ ᠲᠥᠰᠥᠯ ᠢ ᠲᠣᠭᠲᠠᠭᠠᠭᠰᠠᠨ ᠵᠢᠴᠢ ᠵᠣᠬᠢᠶᠠᠨ ᠪᠠᠶᠢᠭᠤᠯᠤᠭᠰᠠᠨ ᠭᠠᠯ ᠤᠨᠲᠠᠷᠠᠭᠠᠬᠤ ᠰᠣᠷᠢᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠵᠢᠭᠠᠨ ᠰᠤᠷᠭᠠᠬᠤ ᠠᠰᠠᠷ᠂ ᠲᠤᠷᠰᠢᠯᠲᠠ ᠶᠢᠨ ᠲᠠᠰᠤᠭ᠂ ᠲᠠᠯᠠᠪᠠᠶ ᠣᠷᠳᠣᠨ᠂ ᠲᠠᠮᠢᠷ ᠤᠨ ᠲᠠᠯᠠᠪᠠᠶ᠂ ᠰᠣᠷᠣᠭᠴᠢ ᠶᠢᠨ ᠪᠠᠶᠢᠷᠢ᠂ ᠬᠤᠭᠤᠯᠠᠨ ᠭᠡᠷ᠂ ᠭᠠᠵᠠᠷ ᠳᠣᠣᠷᠠᠬᠢ ᠣᠷᠣᠨ ᠵᠠᠢ᠂ ᠪᠠᠷᠢᠯᠭ᠎ᠠ ᠶᠢᠨ ᠲᠤᠬᠠᠢ ᠶᠢᠨ ᠲᠠᠯᠠᠪᠠᠶ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ᠃      5᠂  ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠭᠰᠠᠨ᠂ ᠴᠠᠬᠢᠯᠭᠠᠨ ᠴᠡᠨᠡᠭᠯᠡᠬᠦ ᠱᠤᠭᠤᠮ ᠢ ᠳᠤᠷ᠎ᠠ ᠪᠠᠷ ᠢᠶᠠᠨ ᠵᠠᠯᠭᠠᠨ ᠥᠭᠡᠷᠡᠴᠢᠯᠡᠭᠰᠡᠨ᠂ ᠪᠠᠭᠰᠢ ᠰᠤᠷᠤᠭᠴᠢᠳ ᠤᠨ ᠪᠠᠶᠢᠷᠢ  ᠶᠢᠨ ᠴᠠᠬᠢᠯᠭᠠᠨ ᠴᠡᠨᠡᠭᠯᠡᠭᠰᠡᠨ ᠵᠡᠷᠭᠡ ᠦᠵᠡᠭᠳᠡᠯ ᠢ ᠴᠡᠭᠴᠡᠯᠡᠨ ᠵᠠᠰᠠᠭᠰᠠᠨ ᠪᠠᠶᠢᠳᠠᠯ᠃      6᠂ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ᠃      7᠂ ᠰᠤᠷᠭᠠᠭᠤᠯᠢ ᠶᠢᠨ ᠬᠦᠷᠢᠶᠡᠨ ᠤ ᠤᠰᠤ ᠴᠠᠬᠢᠯᠭᠠᠨ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ᠂ ᠴᠠᠬᠢᠯᠭᠠᠨ ᠱᠠᠲᠤ᠂ ᠳᠠᠷᠤᠯᠲᠠᠲᠤ ᠰᠠᠪᠠ ᠵᠡᠷᠭᠡ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ᠃      ᠭᠤᠷᠪᠠ᠂ ᠴᠡᠭᠴᠡᠯᠡᠨ ᠵᠠᠰᠠᠬᠤ ᠱᠠᠲᠤ ᠦᠶ᠎ᠡ      ︵ᠨᠢᠭᠡ︶ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠤᠨ᠎ᠠ ︵7 ᠳ᠋ᠤᠭᠠᠷ ᠰᠠᠷ᠎ᠠ ᠶᠢᠨ 26 ᠤ ᠡᠳᠦᠷ ᠠᠴᠠ 8 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ︶᠃ ᠰᠤᠷᠭᠠᠨ ᠬᠥᠮᠦᠵᠢᠯ ᠤᠨ ᠲᠣᠪᠴᠢᠶ᠎ᠠ ᠨᠢ ᠡᠯ᠎ᠡ ᠰᠤᠷᠭᠠᠭᠤᠯᠢ ᠶᠢ ᠰᠢᠮᠳᠠᠭᠤᠯᠵᠤ ᠪᠠᠶᠢᠭᠠᠳ ᠴᠡᠭᠴᠡᠯᠡᠨ ᠵᠠᠰᠠᠬᠤ ᠠᠭᠤᠯᠭ᠎ᠠ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠪᠥᠬᠦ ᠲᠠᠯ᠎ᠠ ᠪᠠᠷ ᠥᠷᠨᠢᠭᠦᠯᠬᠦ ᠶᠢᠨ ᠬᠠᠮᠲᠤ ᠳᠠᠯᠳᠠ ᠬᠡᠮ ᠤᠨ ᠡᠬᠡ ᠲᠠᠩᠰᠠ ᠪᠠᠶᠢᠭᠤᠯᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠂ ᠪᠡᠶᠡᠯᠡᠭᠦᠯᠬᠦ ᠴᠠᠭ ᠤᠨ ᠬᠢᠵᠠᠭᠠᠷ ᠢ ᠵᠦᠢᠯ ᠳᠠᠷᠠᠭᠠᠯᠠᠨ ᠲᠣᠳᠣᠷᠬᠠᠶᠢᠯᠠᠬᠤ ᠬᠡᠷᠡᠭᠲᠡᠢ᠃      ︵ᠬᠤᠶᠠᠷ︶ ᠰᠢᠮᠳᠠᠭᠤᠯᠤᠨ ᠵᠢᠯᠤᠭᠤᠳᠴᠤ ᠪᠠᠶᠢᠴᠠᠭᠠᠬᠤ ︵8 ᠳ᠋ᠤᠭᠠᠷ ᠰᠠᠷ᠎ᠠ ᠶᠢᠨ 6 ᠤ ᠡᠳᠦᠷ ᠠᠴᠠ 8 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ︶᠃ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠤᠳ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠭᠤᠣᠯᠳᠠᠯᠭ᠎ᠠ ᠲᠠᠢ ᠪᠠᠶᠢᠴᠠᠭᠠᠬᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠤᠷᠭᠠᠭᠤᠯᠢ ᠳᠤ ᠭᠦᠨᠵᠡᠭᠡᠶᠢᠷᠡᠨ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠥᠷᠨᠢᠭᠦᠯᠵᠦ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠬᠤ᠂ ᠳᠠᠷᠤᠶᠢᠬᠠᠨ ᠪᠠᠶᠢᠴᠠᠭᠠᠵᠤ ᠳᠠᠷᠤᠶᠢᠬᠠᠨ ᠰᠠᠶᠢᠵᠢᠷᠠᠭᠤᠯᠬᠤ ᠶᠢ ᠪᠠᠷᠢᠮᠲᠠᠯᠠᠨ᠂ ᠡᠯ᠎ᠡ ᠲᠥᠷᠥᠯ ᠤᠨ ᠬᠠᠤᠯᠢ ᠪᠤᠰᠤ ᠪᠠ ᠬᠠᠤᠯᠢ ᠲᠣᠭᠲᠠᠭᠠᠯ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠬᠦᠨᠳᠦ ᠶᠡᠭᠡ ᠬᠡᠮ ᠰᠣᠭᠤᠭ ᠤᠨ ᠠᠰᠠᠭᠤᠳᠠᠯ ᠢ ᠢᠯᠡ ᠪᠠᠷ ᠢᠯᠡᠴᠢᠯᠡᠬᠦ ᠬᠡᠷᠡᠭᠲᠡᠢ᠃      ︵ᠭᠤᠷᠪᠠ︶ ᠴᠡᠭᠴᠡᠯᠡᠨ ᠰᠠᠶᠢᠵᠢᠷᠠᠭᠤᠯᠬᠤ ᠶᠢᠨ ︽ᠡᠷᠬᠢᠨ ᠬᠠᠷᠠᠬᠤ︾ ︵8 ᠳ᠋ᠤᠭᠠᠷ ᠰᠠᠷ᠎ᠠ ᠶᠢᠨ 21 ᠤ ᠡᠳᠦᠷ ᠠᠴᠠ 8 ᠳ᠋ᠤᠭᠠᠷ ᠰᠠᠷ᠎ᠠ ᠶᠢᠨ 26 ᠤ ᠡᠳᠦᠷ ᠪᠣᠯᠲᠠᠯ᠎ᠠ︶᠃ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢ ᠵᠣᠬᠢᠶᠠᠨ ᠪᠠᠶᠢᠭᠤᠯᠵᠤ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ︽ᠡᠷᠬᠢᠨ ᠬᠠᠷᠠᠬᠤ︾ ᠠᠵᠢᠯ ᠬᠢᠵᠦ᠂ ᠲᠤᠰᠬᠠᠢ ᠠᠵᠢᠯᠯᠠᠭ᠎ᠠ ᠶᠢᠨ ᠣᠯᠣᠭᠰᠠᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ ᠠᠵᠢᠯ ᠤᠨ ᠦᠷ᠎ᠡ ᠪᠦᠲᠦᠭᠡᠯ ᠢ ᠲᠣᠭᠲᠠᠪᠤᠷᠢᠵᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠦᠬᠦᠯᠢ ᠴᠣᠭᠴᠠ ᠶᠢᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃     ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠨᠠᠷᠢᠨ ᠨᠢᠮᠪᠠᠢ ᠵᠣᠬᠢᠶᠠᠨ ᠪᠠᠶᠢᠭᠤᠯᠬᠤ ᠬᠡᠷᠡᠭᠲᠡᠢ᠃ ︽ᠬᠠᠷᠢᠶ᠎ᠠ ᠣᠷᠣᠨ ᠠᠴᠠ ᠬᠠᠮᠢᠶᠠᠷᠬᠤ︾ ᠵᠠᠷᠴᠢᠮ ᠶᠣᠰᠣᠭᠠᠷ᠂ ᠰᠤᠷᠭᠠᠭᠤᠯᠢ ᠪᠠᠶᠢᠬᠤ ᠰᠢᠶᠠᠩ ᠪᠠᠯᠭᠠᠰᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠯᠲᠠ ᠬᠢᠵᠦ᠂ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠰᠤᠷᠭᠠᠭᠤᠯᠢ ᠲᠠᠨᠢᠯᠲᠠ ᠪᠠᠨ ᠳᠡᠭᠡᠭᠰᠢᠯᠡᠭᠦᠯᠦᠨ᠂ ᠰᠤᠷᠭᠠᠮᠵᠢ ᠠᠪᠴᠤ᠂ ᠡᠭᠦᠨ ᠢᠶᠠᠷ ᠴᠡᠭᠡᠷᠯᠡᠯ ᠪᠣᠯᠭᠠᠵᠤ᠂ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠴᠠᠭ ᠠᠭᠤᠷ᠂ ᠭᠠᠯ ᠤᠨᠲᠠᠷᠠᠭᠠᠬᠤ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠭᠦᠷᠭᠡ ᠴᠢᠳᠠᠪᠤᠷᠢ ᠶᠢᠨ ᠬᠤᠪᠢᠶᠠᠷᠢᠯᠠᠯ ᠶᠣᠰᠣᠭᠠᠷ ᠰᠤᠷᠭᠠᠭᠤᠯᠢ ᠶᠢᠨ ᠬᠦᠷᠢᠶᠡᠨ ᠤ ᠪᠠᠷᠢᠯᠭ᠎ᠠ ᠶᠢᠨ ᠪᠡᠯᠡᠳᠬᠡᠮᠵᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠴᠢᠩᠭᠠᠳᠬᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠴᠢᠩᠭ᠎ᠠ ᠪᠠᠶᠢᠴᠠᠭᠠᠬᠤ ᠬᠡᠷᠡᠭᠲᠡᠢ᠃ ᠰᠤᠷᠭᠠᠭᠤᠯᠢ ᠪᠠᠶᠢᠬᠤ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠡᠬᠡ ᠲᠠᠩᠰᠠ ᠪᠠᠶᠢᠭᠤᠯᠵᠤ᠂ ᠠᠵᠢᠯ ᠤᠨ ᠬᠠᠷᠠᠯᠲᠠ᠂ ᠱᠠᠭᠠᠷᠳᠠᠯᠭ᠎ᠠ᠂ ᠠᠷᠭ᠎ᠠ ᠬᠡᠮᠵᠢᠶ᠎ᠡ᠂ ᠬᠠᠷᠢᠭᠤᠴᠠᠯᠭ᠎ᠠ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠪᠠᠶᠢᠴᠠᠭᠠᠬᠤ ᠠᠵᠢᠯ ᠤᠨ ᠵᠢᠷᠤᠮᠵᠢᠯ ᠲᠠᠢ ᠪᠥᠭᠡᠳ ᠪᠦᠲᠦᠮᠵᠢᠲᠡᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠢ᠃ ︽ᠶᠠᠮᠠᠷ ᠴᠤ ᠦ ᠰᠡᠪ ᠢ ᠠᠯᠳᠠᠬᠤ ᠦᠭᠡᠶ᠂ ᠶᠠᠮᠠᠷ ᠴᠤ ᠪᠠᠯᠠᠢ ᠴᠡᠭ ᠢ ᠬᠠᠶᠠᠬᠤ ᠦᠭᠡᠢ᠂ ᠶᠠᠮᠠᠷ ᠴᠤ ᠬᠡᠮ ᠰᠣᠭᠤᠭ ᠢ ᠦᠯᠡᠳᠡᠭᠡᠬᠦ ᠦᠭᠡᠢ︾ ᠪᠠᠶᠢᠬᠤ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠪᠦᠬᠦᠨ ᠢ ᠬᠠᠮᠤᠷᠬᠤ ᠶᠢ ᠪᠡᠶᠡᠯᠡᠭᠦᠯᠬᠦ ᠬᠡᠷᠡᠭᠲᠡᠢ᠃      ︵ᠭᠤᠷᠪᠠ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠲᠣᠰ ᠤᠳᠠᠭᠠᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠵᠣᠬᠢᠶᠠᠨ ᠪᠠᠶᠢᠭᠤᠯᠤᠭᠰᠠᠨ ᠨᠢ ᠬᠦᠴᠦᠨ ᠦᠭᠡᠢ᠂ ᠬᠠᠤᠯᠢ ᠶᠢ ᠴᠢᠩᠭ᠎ᠠ ᠬᠡᠷᠡᠭᠵᠢᠭᠦᠯᠦᠭᠰᠡᠨ ᠦᠭᠡᠢ ᠪᠠᠶᠢᠪᠠᠯ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠪᠠᠷ ᠨᠠᠶᠢᠳᠠᠪᠤᠷᠢᠵᠢᠭᠤᠯᠤᠭᠰᠠᠨ ᠦᠭᠡᠢ ᠪᠠ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠠᠴᠠ ᠪᠣᠯᠵᠤ ᠠᠳᠡᠯ ᠭᠠᠷᠤᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠰᠤᠷᠭᠠᠭᠤᠯᠢ ᠪᠠᠶᠢᠬᠤ ᠰᠢᠶᠠᠩ ᠪᠠᠯᠭᠠᠰᠤ ᠥᠪᠡᠰᠦᠪᠡᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠲᠡ ︵ᠡᠬᠡ ᠲᠠᠩᠰᠠ ᠳᠠᠭᠠᠯᠳᠤᠭᠤᠯᠤᠨ᠎ᠠ︶ ᠶᠢ ᠥᠪᠡᠰᠦᠪᠡᠨ ᠪᠠᠶᠢᠴᠠᠭᠠᠬᠤ ᠱᠠᠲᠤ ᠳᠠᠭᠤᠰᠤᠭᠰᠠᠨ ᠤ ᠳᠠᠷᠠᠭ᠎ᠠ ᠳᠡᠭᠡᠭᠰᠢ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠵᠦ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠴᠠᠭ ᠠᠭᠤᠷ᠂ ᠭᠠᠯ ᠤᠨᠲᠠᠷᠠᠭᠠᠬᠤ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠰᠠᠯᠠᠭ᠎ᠠ ᠮᠥᠴᠢᠷ 8 ᠳ᠋ᠤᠭᠠᠷ ᠰᠠᠷ᠎ᠠ ᠶᠢᠨ 8 ᠤ ᠡᠳᠦᠷ᠂ 18 ᠤ ᠡᠳᠦᠷ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠪᠠᠨ ᠲᠣᠰ ᠲᠣᠰ ᠮᠡᠳᠡᠭᠦᠯᠦᠨ ᠬᠦᠷᠭᠡᠨ᠎ᠡ᠃                ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠺᠣᠮᠢᠰ ᠤᠨ ᠠᠯᠪᠠᠨ ᠭᠡᠷ                               2023 ᠣᠨ ᠤ 7 ᠰᠠᠷ᠎ᠠ ᠶᠢᠨ 26
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号