ᠤᠯᠤᠰ ᠲᠠᠭᠠᠨ ᠦᠢᠯᠡᠳᠪᠦᠷᠢᠯᠡᠭᠰᠡᠨ ︽ᠰᠢᠨ ᠵᠧᠦ︾ 60 ᠭᠠᠯ ᠤᠨᠲᠠᠷᠠᠭᠠᠬᠤ ᠨᠢᠰᠬᠡᠯ ᠤᠨ ᠠᠩᠬᠠᠨ ᠤ ᠨᠢᠰᠦᠯᠲᠡ ᠠᠮᠵᠢᠯᠲᠠ ᠣᠯᠪᠠ
ᠨᠡᠶᠢᠲᠡᠯᠡᠭᠰᠡᠨ ᠴᠠᠭ᠄
2023/8/7

     ᠰᠤᠷᠪᠤᠯᠵᠢᠯᠠᠬᠴᠢ 8 ᠰᠠᠷ᠎ᠠ ᠶᠢᠨ 1 ᠤ ᠡᠳᠦᠷ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ

ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ (ᠳᠣᠷᠣᠭᠰᠢ ᠠᠭᠠᠷ ᠤᠨ ᠠᠶᠠᠯᠠᠯ ᠤᠨ ᠠᠵᠤ ᠦᠢᠯᠡᠳᠪᠦᠷᠢ

ᠭᠡᠵᠦ ᠲᠣᠪᠴᠢᠯᠠᠨ᠎ᠠ) ᠠᠴᠠ ᠣᠶᠢᠯᠠᠭᠠᠭᠰᠠᠨ ᠢᠶᠠᠷ᠂ ︽ᠰᠢᠨ ᠵᠧᠦ︾ 60 ᠭᠠᠯ ᠤᠨᠲᠠᠷᠠᠭᠠᠬᠤ ᠨᠢᠰᠬᠡᠯ ᠣᠶᠢᠷ᠎ᠠ ᠳᠤ

ᠰᠢ ᠠᠨ ᠤ ᠶᠠᠨ ᠯᠢᠶᠠᠩ ᠲᠠᠪᠴᠠᠩ ᠠᠴᠠ ᠠᠩᠬ᠎ᠠ ᠤᠳᠠᠭ᠎ᠠ ᠲᠤᠷᠰᠢᠨ ᠨᠢᠰᠴᠦ᠂ ᠨᠡᠶᠢᠲᠡ 1 ᠴᠠᠭ ᠤᠨ ᠭᠠᠳᠠᠨ᠎ᠠ 1

ᠮᠢᠨᠦ᠋ᠲ ᠨᠢᠰᠪᠡ᠃

     ︽ᠰᠢᠨ ᠵᠧᠦ︾ 60 ᠭᠠᠯ ᠤᠨᠲᠠᠷᠠᠭᠠᠬᠤ ᠨᠢᠰᠬᠡᠯ ᠢ ᠰᠤᠳᠤᠯᠤᠨ ᠦᠢᠯᠡᠳᠦᠭᠰᠡᠨ ᠠᠴᠠ ᠨᠠᠭᠠᠰᠢ᠂ ᠤᠯᠤᠰ ᠤᠨ

ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠠᠭᠠᠷ ᠤᠨ ᠠᠶᠠᠯᠠᠯ ᠤᠨ ᠠᠵᠤ ᠦᠢᠯᠡᠳᠪᠦᠷᠢ᠂ ᠳᠤᠮᠳᠠᠳᠤ ᠤᠯᠤᠰ ᠤᠨ

ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠰᠢ ᠠᠨ ᠤ ᠨᠢᠰᠬᠡᠯ ᠤᠨ ᠠᠵᠤ ᠦᠢᠯᠡᠳᠪᠦᠷᠢ ︵ᠪᠦᠯᠦᠭᠯᠡᠯ︶ ᠶᠢᠨ

ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠠᠵᠤ ᠦᠢᠯᠡᠰ ᠤᠨ ᠪᠦᠯᠦᠭᠯᠡᠯ ᠤᠨ ᠬᠦᠴᠦᠲᠡᠢ ᠳᠡᠮᠵᠢᠯᠭᠡ ᠶᠢ ᠣᠯᠵᠠᠢ᠃

ᠲᠥᠰᠥᠯ ᠢ ᠰᠤᠳᠤᠯᠤᠨ ᠦᠢᠯᠡᠳᠬᠦ ᠪᠦᠭᠦ ᠶᠠᠪᠤᠴᠠ ᠳᠤ ᠵᠠᠬ᠎ᠠ ᠳᠡᠯᠭᠡᠭᠦᠷ ᠤᠨ ᠬᠠᠷᠠᠯᠲᠠ ᠪᠣᠯᠣᠨ

ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠤᠶᠤᠨ ᠤᠬᠠᠭᠠᠨ ᠢᠶᠠᠨ ᠰᠢᠪᠬᠠᠨ ᠪᠣᠭᠤᠮᠲᠠ

ᠰᠢᠪᠲᠤᠯᠵᠤ᠂ ᠬᠦᠴᠦᠯᠡᠨ ᠲᠡᠮᠡᠴᠡᠵᠦ᠂ ᠲᠥᠯᠥᠪᠯᠡᠭᠡ ᠶᠣᠰᠣᠭᠠᠷ ᠲᠠᠪᠴᠠᠩ ᠤᠨ ᠠᠩᠬ᠎ᠠ ᠤᠳᠠᠭᠠᠨ ᠤ ᠲᠤᠷᠰᠢᠨ

ᠨᠢᠰᠦᠯᠲᠡ ᠶᠢ ᠪᠡᠶᠡᠯᠡᠭᠦᠯᠪᠡ᠃

     ︽ᠰᠢᠨ ᠵᠧᠦ︾ 60 ᠭᠠᠯ ᠤᠨᠲᠠᠷᠠᠭᠠᠬᠤ ᠨᠢᠰᠬᠡᠯ ᠪᠣᠯ ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ

ᠠᠷᠠᠳ ᠤᠨ ᠬᠡᠷᠡᠭᠯᠡᠭᠡᠨ ᠤ ᠦᠢᠯᠡᠳᠬᠦᠨ ᠤ ᠴᠢᠬᠤᠯᠠ ᠭᠡᠯᠪᠡᠷᠢ ᠶᠢᠨ ᠨᠢᠭᠡ ᠪᠣᠯᠣᠨ᠎ᠠ᠃ ︽ᠰᠢᠨ ᠵᠧᠦ︾ 60 ᠤᠯᠠᠨ

ᠬᠡᠷᠡᠭᠴᠡᠭᠡᠲᠦ ᠨᠢᠰᠬᠡᠯ ᠪᠣᠯᠤᠭᠰᠠᠨ ᠤ ᠬᠤᠪᠢ ᠳᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠬᠦ ᠡᠷᠬᠡ ᠲᠠᠢ

ᠪᠥᠭᠡᠳ ︽ᠲᠡᠭᠡᠭᠡᠪᠦᠷᠢ ᠶᠢᠨ ᠲᠥᠷᠥᠯ ᠤᠨ ᠨᠢᠰᠬᠡᠯ ᠤᠨ ᠠᠶᠠᠯᠠᠯ ᠳᠤ ᠵᠣᠬᠢᠴᠠᠬᠤ ᠪᠠᠷᠢᠮᠵᠢᠶ᠎ᠠ︾ ︵CCAR-25

ᠪᠦᠯᠦᠭ︶ ᠶᠢ ᠴᠢᠩᠭ᠎ᠠ ᠵᠢᠷᠤᠮᠯᠠᠨ ᠰᠤᠳᠤᠯᠤᠨ ᠦᠢᠯᠡᠳᠦᠭᠰᠡᠨ ᠲᠣᠮᠣ ᠳᠤᠮᠳᠠ ᠭᠡᠯᠪᠡᠷᠢ ᠶᠢᠨ ᠲᠣᠭᠲᠠᠮᠠᠯ ᠵᠢᠭᠦᠷᠲᠦ

ᠠᠭᠠᠷ ᠤᠨ ᠠᠶᠠᠯᠠᠯ ᠤᠨ ᠭᠠᠯ ᠤᠨᠲᠠᠷᠠᠭᠠᠬᠤ ᠨᠢᠰᠬᠡᠯ ᠮᠥᠨ᠂ ᠲᠡᠷᠡ ᠨᠢ ᠤᠰᠤ ᠰᠠᠴᠤᠨ ᠭᠠᠯ ᠤᠨᠲᠠᠷᠠᠭᠠᠬᠤ᠂ ᠠᠭᠠᠷ

ᠳᠡᠭᠡᠷ᠎ᠡ ᠮᠡᠳᠡᠭᠡ ᠬᠤᠯᠪᠤᠭ᠎ᠠ ᠠᠪᠴᠤ ᠵᠢᠯᠤᠭᠤᠳᠬᠤ᠂ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠵᠦ ᠬᠢᠨᠠᠨ

ᠬᠡᠮᠵᠢᠬᠦ ᠴᠢᠳᠠᠮᠵᠢ ᠲᠠᠢ ᠪᠥᠭᠡᠳ ᠬᠥᠮᠥᠨ ᠤ ᠵᠥᠭᠡᠭᠡᠪᠦᠷᠢ ᠪᠠ ᠡᠳ᠋ ᠪᠣᠳᠠᠰ ᠤᠨ ᠲᠡᠭᠡᠭᠡᠪᠦᠷᠢ ᠶᠢᠨ ᠪᠠᠴᠢᠮ ᠪᠠᠶᠢᠳᠠᠯ ᠢ

ᠠᠷᠭᠠᠴᠠᠭᠠᠵᠤ ᠠᠪᠤᠷᠠᠨ ᠲᠤᠰᠠᠯᠠᠬᠤ ᠡᠭᠦᠷᠭᠡ ᠶᠢ ᠡᠭᠦᠷᠭᠡᠯᠡᠵᠦ ᠴᠢᠳᠠᠳᠠᠭ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号