ᠬᠠᠳᠠ ᠦᠴᠦᠸᠠᠨ ᠰᠢᠶᠠᠨ ᠤ ᠡᠮᠦᠨ᠎ᠡ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/8/8
     8 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠮᠠᠨ ᠤ ᠰᠢᠶᠠᠨ ᠤ ᠡᠮᠦᠨ᠎ᠡ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠦᠯᠬᠦᠮ ᠳᠠᠭᠠᠭᠤᠯᠤᠨ ᠰᠢᠮᠳᠠᠭᠤᠯᠤᠨ ᠵᠢᠯᠤᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠢᠪᠡ᠃
     ᠡᠮᠦᠨ᠎ᠡ ᠬᠦᠷᠢᠶᠡᠯᠡᠩ ᠲᠣᠭᠤᠷᠢᠭ ᠲᠤ᠂ ᠬᠠᠳᠠ ᠨᠠᠷ ᠬᠦᠷᠢᠶᠡᠯᠡᠩ ᠲᠣᠭᠤᠷᠢᠭ ᠤᠨ ᠳᠣᠲᠣᠨ᠎ᠠ ᠭᠠᠳᠠᠨᠠᠬᠢ ᠵᠠᠮ ᠤᠨ ᠲᠥᠯᠦᠪᠵᠢᠭᠦᠯᠭᠡ᠂ ᠪᠠᠷᠢᠯᠭ᠎ᠠ ᠶᠢᠨ ᠪᠠᠶᠢᠳᠠᠯ ᠵᠢᠴᠢ ᠬᠤᠭᠤᠯᠠᠢ ᠶᠢᠨ ᠲᠣᠣᠷ᠂ ᠤᠰᠤ ᠬᠠᠩᠭᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠵᠢᠯᠤᠭᠤᠳᠬᠤ ᠰᠠᠨᠠᠯ ᠪᠣᠯᠣᠨ ᠪᠣᠳᠠᠲᠠᠢ ᠱᠠᠭᠠᠷᠳᠠᠯᠭ᠎ᠠ ᠳᠤᠷᠠᠳᠴᠠᠢ᠃      ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠢᠮᠳᠠᠭᠤᠯᠤᠨ ᠵᠢᠯᠤᠭᠤᠳᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠡᠮᠬᠢᠯᠡᠨ ᠳ᠋ᠦᠩᠨᠡᠪᠡ᠂ ᠬᠠᠳᠠ ᠡᠮᠦᠨ᠎ᠡ ᠬᠦᠷᠢᠶᠡᠯᠡᠩ ᠲᠣᠭᠤᠷᠢᠭ ᠤᠨ ᠪᠣᠳᠠᠲᠠᠢ ᠪᠠᠶᠢᠳᠠᠯ ᠳᠤ ᠨᠡᠶᠢᠴᠡᠭᠰᠡᠨ ᠰᠠᠭᠤᠷᠢᠨ ᠳᠡᠭᠡᠷ᠎ᠡ ᠤᠰᠤ ᠬᠠᠩᠭᠠᠬᠤ᠂ ᠴᠠᠬᠢᠯᠭᠠᠨ ᠬᠠᠩᠭᠠᠬᠤ᠂ ᠪᠣᠬᠢᠷᠲᠤᠯ ᠭᠠᠳᠠᠭᠰᠢᠯᠠᠭᠤᠯᠬᠤ᠂ ᠵᠠᠮ ᠵᠡᠷᠭᠡ ᠰᠠᠭᠤᠷᠢ ᠲᠥᠬᠦᠭᠡᠷᠦᠮᠵᠢ ᠶᠢ ᠵᠣᠬᠢᠰᠲᠠᠢ ᠲᠥᠯᠥᠪᠵᠢᠭᠦᠯᠵᠦ᠂ ᠬᠤᠯᠠ ᠶᠢ ᠪᠣᠳᠣᠯᠬᠢᠯᠠᠵᠤ ᠬᠦᠷᠢᠶᠡᠯᠡᠩ ᠲᠣᠭᠤᠷᠢᠭ ᠤᠨ ᠳᠣᠲᠣᠭᠠᠳᠤ ᠵᠢᠴᠢ ᠵᠠᠮ ᠤᠨ ᠬᠤᠶᠠᠷ ᠬᠠᠵᠠᠭᠤ ᠶᠢᠨ ᠣᠷᠴᠢᠨ ᠲᠣᠭᠤᠷᠢᠨ ᠤ ᠲᠥᠬᠦᠭᠡᠷᠦᠮᠵᠢ ᠶᠢ ᠨᠡᠩ ᠰᠠᠶᠢᠨ ᠲᠥᠯᠥᠪᠵᠢᠭᠦᠯᠦᠨ ᠲᠥᠯᠥᠪᠯᠡᠬᠦ ᠶᠢᠨ ᠬᠠᠮᠲᠤ ᠤᠳᠤ ᠪᠠᠶᠢᠭ᠎ᠠ ᠡᠮᠦᠨ᠎ᠡ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠲᠣᠳᠣᠷᠬᠠᠢ ᠣᠶᠢᠯᠠᠭᠠᠨ ᠡᠮᠬᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号