ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠦᠨ ᠯᠢ ᠶᠢᠩ︶ ᠴᠡᠷᠢᠭ | ᠬᠥᠮᠦᠨ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠬᠠᠯᠠᠬᠳᠠᠬᠰᠠᠳ ᠪᠠ ᠪᠤᠰᠤᠳ ᠠᠰᠠᠷᠠᠨ ᠬᠠᠷᠠᠭᠠᠯᠵᠠᠬᠤ | ᠡᠲᠡᠭᠡᠳ ᠲᠤ ᠬᠠᠷᠠᠭᠠᠯᠵᠠᠯ ᠦᠵᠡᠭᠦᠯᠬᠦ ᠠᠵᠢᠯ ᠢ ᠰᠠᠶᠢᠲᠤᠷ ᠬᠢᠵᠦ᠂ ᠴᠡᠷᠢᠭ ᠬᠥᠮᠦᠨ ᠢ ᠨᠡᠶᠢᠭᠡᠮ ᠳᠠᠶᠠᠭᠠᠷ ᠤᠨ | ᠬᠦᠨᠳᠦᠳᠭᠡᠳᠡᠭ ᠠᠵᠢᠯ ᠲᠦᠷᠦᠯ ᠪᠣᠯᠭᠠᠬᠤ ᠶᠢᠨ ᠲᠥᠯᠥᠭᠡ᠂ ᠲᠦᠷᠦᠬᠦᠬᠡᠨ ︽ᠬᠥᠬᠡᠬᠤᠲᠠ ᠶᠢᠨ ᠠᠩᠬᠠᠳᠠᠭᠴᠢ | ᠪᠦᠯᠦᠭ ᠴᠡᠷᠢᠭ ᠬᠥᠮᠦᠨ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠬᠠᠯᠠᠬᠳᠠᠬᠰᠠᠳ ᠪᠠ ᠪᠤᠰᠤᠳ | ᠠᠰᠠᠷᠠᠨ ᠬᠠᠷᠠᠭᠠᠯᠵᠠᠬᠤ ᠡᠲᠡᠭᠡᠳ ᠲᠤ ᠬᠠᠷᠠᠭᠠᠯᠵᠠᠯ ᠦᠵᠡᠭᠦᠯᠬᠦ ᠭᠠᠷᠴᠠᠭ︾ ᠢ ᠨᠡᠶᠢᠲᠡᠯᠡᠵᠦ᠂ ᠬᠦᠴᠦᠨ ᠪᠥᠬᠦᠶ | ᠦᠨᠡᠮᠯᠡᠯ ᠲᠠᠢ ᠴᠡᠷᠢᠭ ᠬᠥᠮᠦᠨ᠂ ᠬᠠᠷᠠᠭᠠᠯᠵᠠᠯ ᠤᠨ ᠦᠨᠡᠮᠯᠡᠯ ᠲᠠᠢ ᠴᠡᠷᠢᠭ ᠤᠨ ᠠᠯᠪᠠ ᠠᠴᠠ ᠬᠠᠯᠠᠬᠳᠠᠬᠰᠠᠳ᠂ | ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠣᠯᠠᠨ ᠨᠡᠶᠢᠲᠡ ᠶᠢᠨ ᠡᠬᠢ ᠪᠠᠶᠠᠯᠢᠭ ᠪᠠ ᠴᠡᠷᠢᠭ ᠢᠶᠠᠨ ᠬᠦᠷᠢᠶᠡᠯᠡᠬᠦ | ᠣᠯᠠᠨ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠪᠣᠯᠪᠠ᠃ | ᠣᠶᠢᠯᠠᠭᠠᠭᠰᠠᠨ ᠢᠶᠠᠷ᠂ ᠠᠩᠬᠠᠳᠠᠭᠴᠢ ᠪᠦᠯᠦᠭ ᠤᠨ ᠬᠠᠷᠠᠭᠠᠯᠵᠠᠯ ᠤᠨ ᠭᠠᠷᠴᠠᠭ ᠲᠤ ᠡᠮᠴᠢᠯᠡᠭᠡ ᠡᠷᠡᠭᠦᠯᠵᠢᠯ᠂ | ᠢᠳᠡᠭᠡᠨ ᠤᠮᠳᠠᠭᠠᠨ ᠬᠤᠨᠤᠭ ᠪᠠᠭᠤᠳᠠᠯ᠂ ᠵᠭᠤᠯᠴᠢᠯᠠᠯ ᠵᠤᠭ᠎ᠠ ᠴᠡᠩᠭᠡᠯ᠂ ᠮᠠᠰᠢᠨ ᠲᠡᠷᠭᠡᠨ ᠤ ᠦᠢᠯᠡᠴᠢᠯᠡᠭᠡ᠂ | ᠪᠠᠷᠠᠭ᠎ᠠ ᠬᠤᠳᠠᠯᠳᠤᠨ ᠠᠪᠬᠤ ᠪᠠ ᠶᠠᠪᠤᠵᠤ ᠰᠠᠭᠤᠬᠤ᠂ ᠬᠡᠷ ᠤᠨ ᠬᠡᠷᠡᠭᠰᠡᠯ ᠵᠠᠰᠠᠯ ᠴᠢᠮᠡᠭᠯᠡᠯ᠂ ᠬᠥᠮᠦᠵᠢᠯ | ᠪᠣᠯᠪᠠᠰᠤᠷᠠᠯ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ 8 ᠬᠦᠷᠢᠶ᠎ᠡ ᠴᠠᠷᠠᠭ᠎ᠠ᠂ 58 ᠬᠠᠷᠠᠭᠠᠯᠵᠠᠯ ᠤᠨ ᠲᠥᠷᠥᠯ | ᠵᠦᠢᠯ ᠢ ᠪᠠᠭᠳᠠᠭᠠᠵᠤ᠂ ᠴᠡᠷᠢᠭ ᠬᠥᠮᠦᠨ ᠴᠡᠷᠢᠭ ᠤᠨ ᠬᠡᠷ ᠪᠦᠯᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ | ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠲᠤᠰᠬᠠᠢ ᠬᠠᠷᠠᠭᠠᠯᠵᠠᠯ ᠬᠠᠩᠭᠠᠵᠤ᠂ ᠤᠯᠤᠰ ᠢᠶᠠᠨ ᠬᠠᠶᠢᠷᠠᠯᠠᠵᠤ | ᠴᠡᠷᠢᠭ ᠢᠶᠠᠨ ᠬᠦᠷᠢᠶᠡᠯᠡᠬᠦ᠂ ᠬᠠᠷᠠᠭᠠᠯᠵᠠᠯ ᠭᠥᠷᠳᠡᠭᠰᠡᠳ ᠢ ᠬᠦᠨᠳᠦᠳᠭᠡᠬᠦ ᠭᠦᠨ ᠵᠤᠵᠠᠭᠠᠨ ᠨᠡᠶᠢᠭᠡᠮ ᠤᠨ ᠠᠭᠤᠷ | ᠠᠮᠢᠰᠬᠤᠯ ᠢ ᠪᠣᠢ ᠪᠣᠯᠭᠠᠪᠠ᠃ | ᠲᠠᠷᠠᠭᠠᠴᠢ ᠪᠠᠷ᠂ ᠬᠥᠬᠡᠬᠤᠲᠠ ᠶᠢᠨ ᠡᠯ᠎ᠡ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠰᠠᠯᠠᠭ᠎ᠠ ᠮᠥᠴᠢᠷ ᠴᠡᠷᠢᠭ ᠬᠥᠮᠥᠨ ᠴᠡᠷᠢᠭ ᠤᠨ ᠭᠡᠷ ᠪᠦᠯᠢ ᠴᠡᠷᠢᠭ ᠤᠨ ᠠᠯᠪᠠ ᠠᠴᠠ ᠬᠠᠯᠠᠭᠳᠠᠭᠰᠠᠳ᠂ | ᠪᠣᠰᠣᠳ ᠠᠰᠠᠷᠠᠨ ᠬᠠᠷᠠᠭᠠᠯᠵᠠᠬᠤ ᠡᠲᠡᠭᠡᠳ ᠢ ᠢᠮᠠᠭᠲᠠ ᠰᠡᠳᠬᠢᠯ ᠳᠡᠭᠡᠨ ᠲᠠᠯᠪᠢᠵᠤ᠂ ᠬᠠᠷᠠᠭᠠᠯᠵᠠᠯ ᠤᠨ | ᠠᠭᠤᠯᠭ᠎ᠠ ᠪᠠᠨ ᠦᠷᠭᠦᠯᠵᠢᠯᠡᠨ ᠪᠠᠶᠠᠯᠢᠭᠵᠢᠭᠤᠯᠵᠤ᠂ ᠬᠠᠷᠠᠭᠠᠯᠵᠠᠯ ᠤᠨ ᠲᠥᠷᠥᠯ ᠵᠦᠢᠯ ᠢ ᠥᠷᠭᠡᠳᠭᠡᠨ᠂ ᠣᠷᠣᠨ ᠤ | ᠲᠥᠪ ᠤᠨ ᠴᠡᠷᠢᠭ ᠬᠦᠮᠦᠨ ᠴᠡᠷᠢᠭ ᠤᠨ ᠬᠡᠷ ᠪᠦᠯᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ | ᠠᠰᠠᠷᠠᠨ ᠬᠠᠷᠠᠭᠠᠯᠵᠠᠬᠤ ᠡᠲᠡᠭᠡᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠨᠡᠮᠡᠭᠳᠡᠭᠦᠯᠵᠦ᠂ | ᠵᠠᠯᠠᠭᠤᠴᠤᠳ ᠤᠨ ᠴᠡᠷᠢᠭ ᠲᠤ ᠣᠷᠣᠵᠤ ᠤᠯᠤᠰ ᠲᠠᠭᠠᠨ ᠬᠦᠴᠦ ᠪᠠᠨ ᠡᠷᠭᠦᠬᠦ ᠶᠢ ᠳᠠᠶᠢᠴᠢᠯᠠᠬᠤ ᠪᠣᠯᠣᠨ᠎ᠠ᠃ |