• ᠪᠦᠷᠢᠨ ᠪᠦᠲᠦᠨ ᠴᠠᠭᠠᠨ ᠢᠳᠡᠭᠡᠨ ᠤ ᠠᠵᠤ ᠦᠢᠯᠡᠰ ᠤᠨ ᠬᠡᠯᠬᠢᠶ᠎ᠡ ᠶᠢᠨ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠦᠷᠢᠯᠳᠦᠭᠦᠯᠪᠡ | • ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠦᠷ᠎ᠡ ᠪᠦᠳᠦᠮᠵᠢ ᠶᠢ | ᠳᠡᠯᠡᠬᠡᠢ ᠳ᠋ᠠᠬᠢᠨ ᠤ ᠠᠩᠬᠠᠷᠤᠯ ᠳᠤ ᠬᠦᠷᠭᠡᠪᠡ | 8 ᠰᠠᠷ᠎ᠠ ᠶᠢᠨ 5 ᠤ ᠡᠳᠦᠷ᠂ ᠭᠦᠭᠡᠬᠤᠳᠠ ᠳᠤ ᠶᠠᠪᠤᠭᠳᠠᠭᠰᠠᠨ ᠳᠡᠯᠡᠬᠡᠢ ᠶᠢᠨ ᠰᠦ ᠶᠢᠨ ᠦᠢᠯᠡᠰ ᠤᠨ ᠶᠡᠭᠡ | ᠬᠤᠷᠠᠯ ᠳᠡᠭᠡᠷ᠎ᠡ ᠣᠯᠠᠨ ᠤᠯᠤᠰ ᠤᠨ ᠢᠳᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠯᠪᠤᠭ᠎ᠠ ᠠᠴᠠ | ᠭᠦᠭᠡᠬᠤᠲᠠ ᠳᠤ ︽ᠳᠡᠯᠡᠬᠡᠢ ᠶᠢᠨ ᠴᠠᠭᠠᠨ ᠢᠳᠡᠭᠡᠨ ᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠲᠠ︾ ᠶᠢᠨ ᠴᠣᠯᠠ ᠣᠯᠭᠤᠵᠤ ᠫᠠᠶᠢᠰᠠ ᠭᠠᠷᠳᠠᠭᠤᠯᠪᠠ᠃ | ᠭᠦᠭᠡᠬᠤᠳᠠ ᠶᠢᠨ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠥᠨᠢ ᠤᠳᠠᠭᠠᠨ ᠲᠡᠦᠬᠡ ᠲᠠᠢ ᠪᠠᠶᠢᠵᠤ᠂ | ᠲᠠᠯᠠᠨ ᠬᠠᠷ᠎ᠠ ᠶᠢᠨ ᠥᠷᠥᠴᠡᠨ ᠳᠤ ᠢᠯᠢ ᠪᠣᠯᠣᠨ ᠮᠧᠩ ᠨᠢᠦ ᠭᠡᠬᠦ ᠬᠤᠶᠠᠷ ᠠᠵᠤ ᠠᠬᠤᠶᠢᠯᠠᠯ ᠢ ᠳᠡᠯᠡᠬᠡᠢ ᠶᠢᠨ | ᠴᠠᠭᠠᠨ ᠢᠳᠡᠭᠡᠨ ᠤ ᠦᠢᠯᠡᠰ ᠤᠨ ᠠᠷᠪᠠᠨ ᠶᠡᠭᠡ ᠬᠦᠴᠦᠷᠬᠡᠭ ᠠᠵᠤ ᠠᠬᠤᠶᠢᠯᠠᠯ ᠪᠣᠯᠭᠠᠨ ᠪᠣᠶᠢᠵᠢᠭᠤᠯᠤᠨ | ᠪᠤᠵᠠᠭᠠᠶᠢᠷᠠᠭᠤᠯᠵᠤ᠂ ᠴᠠᠭᠠᠨ ᠢᠳᠡᠭᠡᠨ ᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠠᠴᠢᠶᠠᠯᠠᠪᠤᠷᠢ ᠪᠠᠷ ᠡᠯᠪᠡᠭ ᠪᠠᠶᠠᠯᠢᠭ ᠪᠠᠶᠢᠳᠠᠭ᠃ ᠤᠳᠤ ᠭᠦᠭᠡᠬᠤᠳᠠ ᠳᠤ ᠴᠠᠭᠠᠨ ᠢᠳᠡᠭᠡᠨ ᠤ ᠦᠢᠯᠡᠰ | ᠲᠠᠢ ᠬᠤᠯᠪᠣᠭᠳᠠᠬᠤ 3 ᠶᠡᠭᠡ ᠳᠡᠭᠡᠳᠦ ᠰᠤᠷᠭᠠᠭᠤᠯᠢ᠂ 7 ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ | ᠲᠠᠢ ᠪᠠᠶᠢᠵᠤ᠂ ᠤᠯᠤᠰ ᠤᠨ ᠳᠡᠰ ᠤᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ 44 ᠠᠴᠢᠶᠠᠯᠠᠪᠤᠷᠢ ᠨᠢ | ᠨᠢᠭᠡᠨᠲᠡ ᠤᠯᠤᠰ ᠤᠨ ᠬᠠᠮᠢᠶ᠎ᠠ ᠪᠦᠬᠦᠢ ᠵᠥᠪᠰᠢᠶᠡᠷᠡᠯ ᠢ ᠣᠯᠵᠤ᠂ ᠪᠦᠭᠦ ᠤᠯᠤᠰ ᠤᠨ ᠴᠣᠷ ᠤᠨ ᠭᠠᠭᠴᠠ ᠤᠯᠤᠰ | ᠤᠨ ᠴᠠᠭᠠᠨ ᠢᠳᠡᠭᠡᠨ ᠤ ᠦᠢᠯᠡᠰ ᠤᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠶᠡᠷᠦᠩᠬᠡᠢ ᠭᠠᠵᠠᠷ | ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠦᠭᠦ ᠤᠯᠤᠰ ᠤᠨ ᠴᠠᠭᠠᠨ ᠢᠳᠡᠭᠡᠨ ᠤ ᠦᠢᠯᠡᠰ ᠤᠨ 24. | 75% ᠶᠢᠨ ᠴᠢᠳᠠᠪᠤᠷᠢᠲᠠᠨ ᠤ ᠬᠦᠴᠦ ᠶᠢ ᠭᠦᠭᠡᠬᠤᠳᠠ ᠳᠤ ᠲᠥᠪᠯᠡᠷᠡᠭᠦᠯᠪᠡ᠃ ᠡᠭᠦᠨ ᠤ ᠬᠠᠮᠲᠤ᠂ ᠤᠯᠤᠰ ᠤᠨ | ᠳᠣᠲᠣᠭᠠᠳᠤ ᠶᠢᠨ 13 ᠲᠡᠷᠢᠭᠦᠨ ᠵᠡᠷᠭᠡ ᠶᠢᠨ ᠶᠡᠭᠡ ᠳᠡᠭᠡᠳᠦ ᠰᠤᠷᠭᠠᠭᠤᠯᠢ᠂ 50 ᠭᠠᠷᠤᠢ ᠤᠯᠠᠨ ᠤᠯᠤᠰ ᠤᠨ | ᠡᠷᠳᠡᠮ ᠰᠢᠨᠵᠢᠯᠡᠭᠡᠨ ᠤ ᠨᠢᠭᠡᠴᠢ ᠵᠢᠴᠢ ᠨᠡᠷᠡᠳᠤ ᠺᠤᠮᠫᠠᠨᠢ ᠲᠠᠢ ᠤᠷᠳᠤ ᠬᠤᠭᠤᠴᠠᠭᠠᠨ ᠤ ᠪᠠᠶᠢᠯᠳᠤᠬᠤ ᠪᠣᠳᠣᠯᠭ᠎ᠠ | ᠶᠢᠨ ᠬᠠᠮᠲᠤᠷᠠᠯᠴᠠᠭ᠎ᠠ ᠪᠠᠶᠢᠭᠤᠯᠵᠤ᠂ ᠲᠡᠵᠢᠭᠡᠯ ᠡᠪᠡᠰᠦᠨ ᠤ ᠡᠭᠦᠯᠳᠡᠷ ᠢ ᠰᠣᠩᠭᠤᠨ ᠪᠣᠶᠢᠵᠢᠭᠤᠯᠬᠤ᠂ ᠳᠠᠷᠢᠵᠤ | ᠤᠷᠭᠤᠭᠤᠯᠬᠤ᠂ ᠮᠠᠯ ᠤᠨ ᠡᠭᠦᠯᠳᠡᠷ ᠢ ᠪᠣᠶᠢᠵᠢᠭᠤᠯᠬᠤ᠂ ᠲᠡᠵᠢᠭᠡᠵᠦ ᠦᠷᠡᠵᠢᠭᠦᠯᠬᠦ᠂ ᠢᠰᠬᠡᠬᠦ ᠡᠳ᠋ ᠦᠢᠯᠡᠳᠪᠦᠷᠢᠯᠡᠬᠦ᠂ | ᠲᠦᠭᠦᠬᠡᠢ ᠰᠦ ᠶᠢ ᠨᠠᠷᠢᠯᠢᠭ ᠪᠤᠯᠪᠠᠰᠤᠷᠠᠭᠤᠯᠬᠤ᠂ ᠴᠠᠭᠠᠨ ᠢᠳᠡᠭᠡᠨ ᠤ ᠭᠠᠷ ᠤᠷᠠᠯᠠᠯ᠂ ᠴᠠᠭᠠᠨ ᠢᠳᠡᠭᠡᠨ ᠤ ᠠᠮᠤᠷ | ᠲᠦᠪᠰᠢᠨ᠂ ᠴᠠᠭᠠᠨ ᠢᠳᠡᠭᠡᠨ ᠤ ᠪᠣᠭᠤᠳᠠᠯ ᠪᠠᠭᠯᠠᠭ᠎ᠠ᠂ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠪᠠ ᠮᠡᠳᠡᠯᠭᠡ ᠶᠢᠨ | ᠦᠮᠴᠢᠯᠡᠯ ᠤᠨ ᠡᠷᠬᠡ ᠶᠢ ᠬᠠᠮᠠᠭᠠᠯᠠᠬᠤ ᠵᠡᠷᠭᠡ ᠬᠦᠷᠢᠶ᠎ᠡ ᠴᠠᠷᠠᠭ᠎ᠠ ᠶᠢ ᠪᠠᠭᠲᠠᠭᠠᠪᠠ᠃ ᠭᠦᠭᠡᠬᠤᠳᠠ ᠢᠩᠭᠢᠵᠦ ᠪᠦᠷᠢᠨ | ᠪᠦᠲᠦᠨ ᠴᠠᠭᠠᠨ ᠢᠳᠡᠭᠡᠨ ᠤ ᠠᠵᠤ ᠦᠢᠯᠡᠰ ᠤᠨ ᠬᠡᠯᠬᠢᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠰᠢᠰᠲ᠋ᠧᠮ ᠢ ᠪᠦᠷᠢᠯᠳᠦᠭᠦᠯᠦᠭᠰᠡᠨ ᠠᠴᠠ ᠳᠡᠯᠡᠬᠡᠢ ᠳ᠋ᠠᠬᠢᠨ ᠤ ᠠᠩᠬᠠᠷᠤᠯ ᠳᠤ ᠬᠦᠷᠴᠦ᠂ ᠣᠯᠠᠨ | ᠤᠯᠤᠰ ᠤᠨ ᠢᠳᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠯᠪᠤᠭ᠎ᠠ ᠬᠠᠮᠢᠶ᠎ᠠ ᠪᠦᠬᠦᠢ ᠲᠤᠰᠬᠠᠢ | ᠮᠡᠷᠭᠡᠵᠢᠯᠲᠡᠨ ᠪᠠ ᠡᠷᠳᠡᠮᠲᠡᠨ ᠢ ᠵᠣᠬᠢᠶᠠᠨ ᠪᠠᠶᠢᠭᠤᠯᠤᠨ ᠰᠢᠨᠵᠢᠯᠡᠨ ᠪᠠᠶᠢᠴᠠᠭᠠᠵᠤ ᠰᠤᠳᠤᠯᠤᠨ ᠨᠤᠲᠠᠯᠠᠬᠤ ᠪᠠᠷ | ᠲᠠᠮᠵᠢᠨ ᠭᠦᠭᠡᠬᠤᠳᠠ ᠶᠢ ︽ᠳᠡᠯᠡᠬᠡᠢ ᠶᠢᠨ ᠴᠠᠭᠠᠨ ᠢᠳᠡᠭᠡᠨ ᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠲᠠ︾ ᠪᠠᠷ ᠴᠣᠯᠠᠯᠠᠬᠤ ᠪᠠᠷ ᠲᠣᠭᠲᠠᠭᠰᠠᠨ ᠪᠠᠶᠢᠨ᠎ᠠ᠃ | ᠭᠦᠭᠡᠬᠤᠳᠠ ᠪᠦᠭᠦ ᠣᠷᠣᠨ᠂ ᠴᠢᠨᠠᠭᠰᠢᠯᠠᠪᠠᠯ ᠪᠦᠭᠦ ᠤᠯᠤᠰ ᠤᠨ ᠰᠦ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ︽ᠭᠤᠣᠯ ᠳᠠᠶᠢᠯᠠᠯᠳᠤᠭᠠᠨ ᠤ ᠲᠠᠯᠠᠪᠤᠷ︾ ᠪᠣᠯᠤᠭᠰᠠᠨ ᠤ ᠬᠠᠪᠢ ᠳᠤ ᠨᠢᠭᠡᠨᠲᠡ ᠬᠡᠪᠴᠢᠶᠡᠵᠢᠭᠰᠡᠨ᠂ | ᠣᠳᠣᠬᠢᠴᠢᠯᠠᠭᠰᠠᠨ᠂ ᠪᠦᠭᠦ ᠠᠵᠤ ᠦᠢᠯᠡᠰ ᠤᠨ ᠬᠡᠯᠬᠢᠶ᠎ᠡ ᠪᠠᠷ ᠬᠥᠭᠵᠢᠭᠰᠡᠨ ᠮᠢᠩᠭᠠᠨ ᠳ᠋ᠦᠩᠰᠢᠭᠤᠷ ᠤᠨ ᠳᠡᠰ ᠤᠨ | ᠰᠦ ᠶᠢᠨ ᠦᠢᠯᠡᠰ ᠤᠨ ᠠᠵᠤ ᠦᠢᠯᠡᠰ ᠤᠨ ᠪᠦᠯᠦᠭᠵᠢᠯ ᠢ ᠪᠦᠷᠢᠯᠳᠦᠭᠦᠯᠵᠦ᠂ ᠪᠦᠭᠦ ᠠᠵᠤ ᠦᠢᠯᠡᠰ ᠤᠨ ᠬᠡᠯᠬᠢᠶ᠎ᠡ | ᠶᠢᠨ ᠵᠢᠯ ᠤᠨ ᠡᠵᠡᠩᠨᠡᠯᠲᠡ ᠶᠢᠨ ᠣᠷᠣᠯᠭ᠎ᠠ ᠨᠢ 2200 ᠳ᠋ᠦᠩᠰᠢᠭᠤᠷ ᠲᠥᠭᠦᠷᠢᠭ ᠢ ᠳᠠᠪᠠᠵᠤ᠂ ᠪᠦᠭᠦ ᠳᠡᠯᠡᠬᠡᠢ ᠶᠢᠨ | ᠴᠠᠭᠠᠨ ᠢᠳᠡᠭᠡᠨ ᠤ ᠦᠢᠯᠡᠰ ᠤᠨ ᠬᠤᠰᠢᠭᠤᠴᠢ ᠡᠩᠨᠡᠭᠡᠨ ᠳᠤ ᠲᠣᠭᠲᠠᠭᠤᠨ ᠢᠶᠠᠷ ᠵᠢᠭᠰᠠᠵᠤ ᠪᠠᠶᠢᠨ᠎ᠠ᠃ ᠤᠳᠤ | ᠲᠤᠰ ᠬᠤᠳᠠ ᠶᠢᠨ ᠰᠠᠭᠠᠯᠢ ᠶᠢᠨ ᠦᠨᠢᠶ᠎ᠡ 34 ᠲᠦᠮᠡ ᠶᠢ ᠳᠠᠪᠠᠨ᠂ ᠢᠯᠢ ᠪᠣᠯᠣᠨ ᠮᠧᠩ ᠨᠢᠦ ᠪᠠᠷ ᠳᠠᠭᠠᠭᠤᠯᠤᠭᠴᠢ | ᠪᠤᠯᠭᠠᠬᠰᠠᠨ ᠬᠡᠪᠴᠢᠶᠡᠵᠢᠯ ᠠᠴᠠ ᠳᠡᠭᠡᠭᠰᠢᠬᠢ ᠴᠠᠭᠠᠨ ᠢᠳᠡᠭᠡᠨ ᠪᠤᠯᠪᠠᠰᠤᠷᠠᠭᠤᠯᠬᠤ 12 ᠠᠵᠤ ᠠᠬᠤᠶᠢᠯᠠᠯ ᠲᠠᠢ | ᠪᠠᠶᠢᠵᠤ᠂ ᠡᠳᠦᠷ ᠲᠤ 1.4 ᠲᠦᠮᠡᠨ ᠲᠤᠨ ᠲᠦᠭᠦᠬᠡᠢ ᠰᠦ ᠪᠤᠯᠪᠠᠰᠤᠷᠠᠭᠤᠯᠬᠤ ᠴᠢᠳᠠᠪᠤᠷᠢ ᠲᠠᠢ ᠪᠣᠯᠵᠤ᠂ ᠴᠠᠭᠠᠨ | ᠢᠳᠡᠭᠡᠨ ᠤ ᠠᠵᠤ ᠦᠢᠯᠡᠰ ᠤᠨ ᠪᠦᠯᠦᠭᠵᠢᠯ ᠨᠢ ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ | ᠳᠤ ᠰᠣᠩᠭᠤᠭᠳᠠᠨ ᠣᠷᠣᠪᠠ᠃ |