8 ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠂ ᠴᠢ ᠯᠢᠨ ᠵᠥᠭᠡᠯᠡᠨ | ᠲᠤᠨᠤᠭ ᠤᠨ ᠬᠢᠵᠠᠭᠠᠷᠲᠤ ᠺᠤᠮᠫᠠᠨᠢ ᠶᠢᠨ ᠬᠠᠮᠲᠤᠷᠠᠨ ᠰᠤᠳᠤᠯᠤᠨ ᠦᠢᠯᠡᠳᠦᠭᠰᠡᠨ ᠶᠢᠨ ᠾᠧ ᠴᠢ ᠯᠢᠨ ᠳᠡᠯᠭᠡᠴᠡ ᠳᠤ | ᠢᠯᠡᠷᠡᠭᠦᠯᠬᠦ ᠵᠢᠯᠤᠭᠤᠳᠬᠤ ᠰᠢᠰᠲ᠋ᠧᠮ ︵ᠮᠣᠩᠭᠤᠯ ᠬᠡᠪᠯᠡᠯ︶V10 ᠶᠢ ᠨᠡᠶᠢᠲᠡᠯᠡᠪᠡ᠃ ᠡᠨᠡ ᠨᠢ ᠮᠠᠨ ᠤ ᠤᠯᠤᠰ | ᠪᠦᠷᠢᠮᠦᠰᠦᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠲᠠᠢ ᠰᠢᠨ᠎ᠡ ᠨᠢᠭᠡ ᠦᠶ᠎ᠡ ᠶᠢᠨ | ᠮᠣᠩᠭᠤᠯ ᠬᠡᠯᠡᠨ ᠤ ᠵᠢᠯᠤᠭᠤᠳᠬᠤ ᠰᠢᠰᠲ᠋ᠧᠮ ᠲᠠᠢ ᠪᠣᠯᠤᠭᠰᠠᠨ ᠢ ᠬᠠᠷᠠᠭᠤᠯᠵᠤ᠂ ᠮᠣᠩᠭᠤᠯ ᠦᠭᠡ ᠬᠡᠯᠡ ᠦᠰᠦᠭ | ᠪᠢᠴᠢᠭ ᠤᠨ ᠮᠡᠳᠡᠭᠡ ᠵᠠᠨᠬᠭᠢᠵᠢᠯᠳᠠ ᠶᠢᠨ ᠮᠡᠷᠭᠡᠵᠢᠯ ᠤᠨ ᠤᠯᠠᠨ ᠵᠦᠢᠯ ᠤᠨ ᠬᠤᠭᠤᠰᠤᠨ ᠢ ᠨᠥᠬᠦᠪᠦᠷᠢᠯᠡᠭᠰᠡᠨ | ᠪᠠᠶᠢᠨ᠎ᠠ᠃ | ᠲᠠᠨᠢᠯᠴᠠᠭᠤᠯᠭ᠎ᠠ ᠶᠢ ᠦᠨᠳᠦᠰᠦᠯᠡᠪᠡᠯ᠂ ᠲᠤᠰ ᠰᠢᠰᠲ᠋ᠧᠮ ᠨᠢ ᠬᠡᠷᠡᠭᠯᠡᠭᠡᠨ ᠤ ᠴᠢᠨᠠᠷ᠂ ᠥᠨᠳᠥᠷ ᠴᠢᠳᠠᠮᠵᠢ᠂ | ᠰᠢᠨ᠎ᠡ ᠶᠢ ᠡᠭᠦᠳᠬᠦ ᠴᠢᠨᠠᠷ᠂ ᠵᠠᠰᠠᠨ ᠰᠢᠨᠡᠳᠬᠡᠵᠦ ᠪᠤᠯᠬᠤ ᠵᠡᠷᠭᠡ ᠳᠠᠪᠠᠭᠤᠯᠢᠭ ᠢ ᠨᠢᠭᠡ ᠴᠣᠭᠴᠠᠵᠢᠭᠤᠯᠵᠤ᠂ ᠮᠣᠩᠭᠤᠯ | ᠦᠰᠦᠭ ᠤᠨ ᠪᠢᠴᠢᠭᠯᠡᠬᠦ ᠠᠷᠭ᠎ᠠ᠂ ᠨᠠᠶᠢᠷᠠᠭᠤᠯᠬᠤ ᠪᠠ ᠢᠯᠡᠷᠡᠭᠦᠯᠬᠦ᠂ ᠮᠣᠩᠭᠤᠯ ᠦᠰᠦᠭ ᠢ ᠵᠡᠭᠦᠨ ᠠᠴᠠ ᠪᠠᠷᠠᠭᠤᠨᠰᠢ | ᠪᠣᠰᠤᠭ᠎ᠠ ᠪᠠᠷ ᠪᠠᠷᠯᠠᠬᠤ᠂ ᠮᠣᠩᠭᠤᠯ ᠦᠰᠦᠭ ᠤᠨ ᠺᠣᠳ᠋ ᠤᠨ ᠤᠯᠤᠰ ᠤᠨ ᠪᠠᠷᠢᠮᠵᠢᠶ᠎ᠠ ᠪᠠ ᠬᠤᠣᠰ ᠬᠡᠯᠡᠨ ᠤ | ᠵᠢᠯᠤᠭᠤᠳᠬᠤ ᠰᠢᠰᠲ᠋ᠧᠮ ᠤᠨ ᠳᠡᠯᠭᠡᠴᠡ ᠵᠡᠷᠭᠡ ᠶᠢ ᠳᠡᠮᠵᠢᠵᠦ᠂ ᠰᠢᠰᠲ᠋ᠧᠮ ᠤᠨ ᠦᠭᠡ ᠬᠡᠯᠡ ᠶᠢ ᠴᠠᠭ ᠲᠤᠨᠢ | ᠲᠣᠬᠢᠷᠠᠭᠤᠯᠤᠨ ᠰᠣᠯᠢᠵᠤ ᠪᠤᠯᠬᠤ ᠵᠡᠷᠭᠡ ᠴᠢᠳᠠᠮᠵᠢ ᠲᠠᠢ ᠪᠠᠷ ᠪᠠᠷᠠᠬᠤ ᠦᠭᠡᠢ᠂ ᠪᠠᠰᠠ ᠡᠯᠪᠡᠭ ᠪᠠᠶᠠᠯᠢᠭ ᠬᠡᠷᠡᠭᠯᠡᠭᠡᠨ ᠤ | ᠶᠠᠪᠤᠴᠠ ᠪᠠ ᠡᠬᠢ ᠪᠠᠶᠠᠯᠢᠭ ᠢ ᠬᠠᠩᠭᠠᠵᠤ᠂ ᠮᠣᠩᠭᠤᠯ ᠬᠡᠯᠡᠨ ᠤ ᠬᠡᠷᠡᠭᠯᠡᠭᠴᠢᠳ ᠲᠤ ᠥᠪᠡᠷᠮᠢᠴᠡ ᠣᠨᠴᠠᠯᠢᠭᠲᠤ | ᠥᠨᠳᠥᠷ ᠪᠦᠲᠦᠮᠵᠢᠲᠡᠶ ᠦᠢᠯᠡᠳᠬᠦᠨ ᠤ ᠬᠡᠷᠡᠭᠯᠡᠯᠲᠡ ᠶᠢᠨ ᠪᠡᠶᠡᠴᠢ ᠣᠶᠢᠯᠠᠭᠠᠯᠲᠠ ᠶᠢ ᠬᠠᠩᠭᠠᠬᠤ ᠪᠣᠯᠣᠨ᠎ᠠ᠃ | ᠲᠣᠰ ᠰᠢᠰᠲ᠋ᠧᠮ ᠳᠤ ᠴᠢ ᠯᠢᠨ ᠺᠤᠮᠫᠠᠨᠢ ᠶᠢᠨ ᠥᠪᠡᠰᠦᠪᠠᠨ ᠰᠤᠳᠤᠯᠤᠨ ᠨᠡᠭᠡᠭᠡᠭᠰᠡᠨ ᠬᠡᠷᠡᠭᠯᠡᠭᠡᠨ ᠤ | ᠲᠣᠨᠤᠭ ᠢ ᠤᠭᠰᠠᠷᠠᠵᠤ ᠪᠦᠷᠢᠨ ᠲᠡᠭᠦᠯᠳᠡᠷ ᠲᠠᠪᠴᠠᠩ ᠤᠨ ᠳᠡᠮᠵᠢᠯᠭᠡ ᠪᠠ ᠰᠠᠭᠠᠳ ᠦᠭᠡᠢ ᠰᠣᠯᠢᠯᠴᠠᠨ ᠠᠵᠢᠯᠯᠠᠬᠤ | ᠪᠡᠶᠡᠴᠢ ᠣᠶᠢᠯᠠᠭᠠᠯᠲᠠ ᠬᠠᠩᠭᠠᠵᠤ᠂ ᠰᠢᠰᠲ᠋ᠧᠮ ᠳᠤ ᠪᠠᠰᠠ ︽ᠤᠶᠤᠨ︾ ᠣᠶᠤᠨᠴᠢ ᠮᠣᠩᠭᠤᠯ ᠬᠡᠯᠡᠨ ᠤ ᠪᠢᠴᠢᠭᠯᠡᠬᠦ | ᠠᠷᠭ᠎ᠠ᠂ ᠮᠣᠩᠭᠤᠯ ᠬᠡᠯᠡᠨ ᠤ ᠪᠣᠰᠤᠭ᠎ᠠ ᠪᠠᠷ ᠪᠠᠷᠯᠠᠬᠤ ᠨᠠᠶᠢᠷᠠᠭᠤᠯᠭ᠎ᠠ ᠶᠢᠨ ᠰᠢᠰᠲ᠋ᠧᠮ ᠪᠠ ᠮᠣᠩᠭᠤᠯ ᠬᠡᠯᠡᠨ ᠤ AI | ᠪᠠᠭᠠᠵᠢ ᠶᠢᠨ ᠬᠠᠶᠢᠷᠴᠠᠭ ᠢ ᠤᠭᠰᠠᠷᠠᠭᠰᠠᠨ ᠠᠴᠠ ᠮᠣᠩᠭᠤᠯ ᠬᠡᠯᠡᠨ ᠤ ᠬᠡᠷᠡᠭᠯᠡᠭᠴᠢᠳ ᠲᠤ ᠨᠠᠩ ᠳᠥᠭᠦᠮ ᠳᠥᠲᠡ | ᠥᠨᠳᠥᠷ ᠪᠦᠳᠦᠮᠵᠢᠳᠡᠢ ᠣᠶᠤᠨᠴᠢ ᠮᠡᠳᠡᠭᠡ ᠵᠠᠩᠭᠢ ᠰᠢᠢᠳᠪᠦᠷᠢᠯᠡᠬᠦ ᠦᠢᠯᠡᠴᠢᠯᠡᠭᠡ ᠬᠠᠩᠭᠠᠵᠤ ᠲᠡᠶᠢᠯᠭᠦ ᠪᠣᠯᠤᠭᠰᠠᠨ | ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠰᠢᠰᠲ᠋ᠧᠮ ᠤᠨ ᠨᠡᠶᠢᠲᠡᠯᠡᠭᠳᠡᠭᠰᠡᠨ ᠨᠢ ᠥᠪᠥᠷ ᠮᠣᠩᠭᠤᠯ ᠵᠢᠴᠢ ᠪᠤᠰᠤᠳ ᠭᠠᠵᠠᠷ | ᠣᠷᠣᠨ ᠤ ᠣᠯᠠᠨ ᠬᠡᠯᠡ ᠪᠠᠷ ᠮᠡᠳᠡᠭᠡ ᠵᠠᠩᠭᠢ ᠰᠢᠢᠳᠪᠦᠷᠢᠯᠡᠬᠦ᠂ ᠰᠢᠯᠵᠢᠮᠡᠯ ᠢᠨᠲ᠋ᠧᠷ ᠰᠦᠯᠵᠢᠶ᠎ᠡ᠂ ᠡᠭᠦᠯᠡᠨ ᠪᠣᠳᠣᠯᠲᠠ᠂ | ᠲᠣᠮᠣ ᠳ᠋ᠠᠶᠢᠲ᠋ᠠ ᠶᠢᠨ ᠰᠢᠢᠳᠪᠦᠷᠢᠯᠡᠯᠲᠡ ᠵᠢᠴᠢ ᠭᠤᠣᠯᠯᠠᠬᠤ ᠮᠡᠷᠭᠡᠵᠢᠯ ᠤᠨ ᠲᠤᠯᠭᠠᠭᠤᠷᠢᠯᠠᠯ ᠤᠨ ᠰᠢᠰᠲ᠋ᠧᠮ ᠵᠡᠷᠭᠡ | ᠣᠯᠠᠨ ᠲᠠᠯ᠎ᠠ ᠳᠤ ᠮᠡᠳᠡᠭᠡ ᠵᠠᠩᠭᠢᠵᠢᠯᠲᠠ ᠶᠢᠨ ᠰᠠᠭᠤᠷᠢ ᠲᠤᠯᠭᠠᠭᠤᠷᠢᠯᠠᠯ ᠬᠠᠩᠭᠠᠵᠤ᠂ ︽ᠨᠢᠭᠡ ᠪᠦᠰᠡ ᠨᠢᠭᠡ ᠵᠠᠮ︾ | ᠤᠨ ᠰᠠᠨᠠᠭᠠᠴᠢᠯᠠᠭ᠎ᠠ ᠳᠤ ᠢᠳᠡᠪᠬᠢᠲᠡᠢ ᠦᠢᠯᠡᠴᠢᠯᠡᠬᠦ᠂ ᠮᠡᠳᠡᠭᠡ ᠵᠠᠩᠭᠢᠵᠢᠯᠲᠠ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠬᠦ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠭᠦ᠂ ᠲᠣᠭᠠᠴᠢᠯᠠᠭᠰᠠᠨ ᠳᠤᠮᠳᠠᠳᠤ | ᠤᠯᠤᠰ ᠤᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | |