8 ᠰᠠᠷ᠎ᠠ ᠶᠢᠨ 31 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ | ᠬᠤᠷᠢᠶ᠎ᠠ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠰᠢᠶᠠᠨ ᠤ | ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ᠠᠴᠠ ᠬᠠᠮᠵᠢᠨ ᠡᠷᠭᠢᠯᠡᠭᠰᠡᠨ ︽ᠭᠡᠷ ᠣᠷᠣᠨ ᠢᠶᠠᠨ ᠬᠠᠶᠢᠷᠠᠯᠠᠵᠤ ᠵᠢᠷᠭᠤᠭᠠᠨ ᠰᠢᠨ᠎ᠡ ᠦᠴᠦᠸᠠᠨ ᠢ ᠪᠦᠲᠦᠭᠡᠨ | ᠪᠠᠶᠢᠭᠤᠯᠤᠶ᠎ᠠ︾ ᠭᠤᠷᠪᠠᠳᠤᠭᠠᠷ ᠬᠤᠭᠤᠴᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠮᠠᠩᠬᠠᠨ ᠳᠠᠭᠤᠣ᠂ | ᠬᠤᠶᠠᠷ ᠬᠦᠮᠦᠨ ᠤ ᠡᠯᠭᠦᠴᠡᠭᠡ ᠶᠢᠨ ᠤᠷᠤᠯᠳᠤᠭᠠᠨ ᠮᠠᠨ ᠤ ᠰᠢᠶᠠᠨ ᠤ ᠳ᠋ᠧᠩ ᠭᠤᠸᠠᠩ ᠪᠥᠮᠪᠥᠭᠡᠨ ᠲᠠᠯᠠᠪᠠᠶ ᠳᠤ | ᠶᠠᠪᠤᠭᠳᠠᠪᠠ᠃ | | | | | ᠤᠷᠤᠯᠳᠤᠭᠠᠨ ᠨᠢ ᠬᠤᠶᠠᠷ ᠬᠦᠮᠦᠨ ᠤ ᠡᠯᠭᠦᠴᠡᠭᠡ ︽ᠵᠡᠮᠳᠡᠭᠴᠦᠳ ᠨᠠᠮ ᠤᠨ ᠰᠠᠶᠢᠨ ᠲᠥᠷᠥ ᠶᠢᠨ | ᠪᠣᠳᠣᠯᠭ᠎ᠠ ᠶᠢ ᠬᠥᠭᠡᠭᠡᠵᠦ ᠭᠦᠢᠴᠡᠭᠰᠡᠨ ᠨᠢ︾ ᠳᠤᠮᠳᠠ ᠬᠥᠰᠢᠭᠡ ᠪᠠᠨ ᠰᠡᠬᠦᠵᠦ᠂ ᠳᠠᠷᠠᠭᠠᠪᠠᠷ ᠨᠢ ᠮᠠᠩᠬᠠᠨ ᠳᠠᠭᠤᠣ | ︽ᠲᠣᠮᠣ ᠬᠠᠷ᠎ᠠ ᠦᠬᠡᠷ︾᠂ ᠬᠤᠶᠠᠷ ᠬᠦᠮᠦᠨ ᠤ ᠡᠯᠭᠦᠴᠡᠭᠡ ︽ᠬᠠᠳᠠᠮ ᠡᠵᠢ ᠪᠠᠨ ᠲᠤᠰᠬᠤ︾᠂ ᠮᠠᠩᠬᠠᠨ ᠳᠠᠭᠤᠣ | ︽ᠦᠴᠦᠸᠠᠨ ᠢ ᠮᠠᠭᠲᠠᠭᠰᠠᠨ ᠨᠢ︾᠂ ᠬᠤᠶᠠᠷ ᠬᠦᠮᠦᠨ ᠤ ᠡᠯᠭᠦᠴᠡᠭᠡ ︽ᠴᠠᠭᠠᠨ ᠰᠠᠷ᠎ᠠ ᠳᠤ ᠵᠣᠯᠭᠠᠬᠤ︾᠂ ᠮᠠᠩᠬᠠᠨ | ᠳᠠᠭᠤᠣ ︽ᠳᠠᠯᠠᠨ ᠬᠠᠷ᠎ᠠ ᠠᠭᠤᠯᠠ ᠶᠢᠨ ᠰᠢᠨ᠎ᠡ ᠳᠦᠷᠰᠦ ᠪᠠᠶᠢᠳᠠᠯ︾ ᠵᠡᠷᠭᠡ ᠲᠣᠭᠯᠠᠯᠲᠠ ᠡᠭᠡᠯᠵᠢᠯᠡᠨ ᠲᠣᠭᠯᠠᠵᠤ᠂ | ᠤᠷᠤᠯᠳᠤᠭᠠᠨ ᠤ ᠲᠠᠯᠠᠪᠤᠷ ᠲᠠᠬᠢ ᠣᠷᠣᠯᠴᠠᠭᠰᠠᠳ ᠮᠠᠩᠬᠠᠨ ᠳᠠᠭᠤᠣ ᠪᠠ ᠬᠤᠶᠠᠷ ᠬᠦᠮᠦᠨ ᠤ ᠡᠯᠭᠦᠴᠡᠭᠡ ᠶᠢᠨ | ᠬᠠᠶᠢᠷ᠎ᠠ ᠳᠤᠷᠠᠯᠠᠯ ᠪᠠᠷ ᠢᠶᠠᠨ ᠦᠵᠡᠭᠴᠢᠳ ᠲᠤ ᠭᠤᠶᠤ ᠰᠠᠶᠢᠬᠠᠨ ᠦᠵᠡᠵᠦ ᠰᠣᠨᠣᠰᠬᠤ ᠦᠪᠡᠳᠡᠭᠰᠢ ᠨᠠᠶᠢᠷ ᠢ | ᠳᠡᠯᠭᠡᠨ ᠦᠵᠡᠭᠦᠯᠪᠡ᠃ ︽ᠬᠠᠳᠠᠮ ᠡᠵᠢ ᠪᠠᠨ ᠲᠤᠰᠬᠤ︾ ᠪᠠ ︽ᠲᠣᠮᠣ ᠬᠠᠷ᠎ᠠ ᠦᠬᠡᠷ︾ ᠨᠢ ᠤᠷᠤᠯᠳᠤᠭᠠᠨ ᠢᠶᠠᠷ | ᠬᠤᠶᠠᠷ ᠬᠦᠮᠦᠨ ᠤ ᠡᠯᠭᠦᠴᠡᠭᠡ ᠪᠠ ᠮᠠᠩᠬᠠᠨ ᠳᠠᠭᠤᠣ ᠳᠤᠭᠤᠶᠢᠯᠠᠩ ᠤᠨ ᠢᠯᠭᠠᠯ ᠳᠤ ᠲᠤᠰ ᠲᠤᠰ ᠨᠢᠭᠡᠳᠦᠭᠡᠷ ᠲᠤ | ᠣᠷᠣᠵᠠᠢ᠃ | ᠲᠤᠰ ᠤᠳᠠᠭ᠎ᠠ ᠶᠢᠨ ᠤᠷᠤᠯᠳᠤᠭᠠᠨ ᠨᠢ ᠤᠯᠠᠨ ᠳᠤ ᠪᠣᠳᠠᠰ ᠤᠨ ᠪᠤᠰᠤ ᠰᠣᠶᠣᠯ ᠤᠨ ᠥᠪ ᠤᠨ ᠮᠠᠩᠬᠠᠨ | ᠳᠠᠭᠤᠣ ᠪᠠ ᠬᠤᠶᠠᠷ ᠬᠦᠮᠦᠨ ᠤ ᠡᠯᠭᠦᠴᠡᠭᠡ ᠶᠢᠨ ᠷᠢᠳᠢ ᠰᠢᠳᠢ ᠶᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ | ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠤᠯᠠᠨ ᠲᠦᠮᠡᠨ ᠳᠤ ᠥᠪᠡᠷ ᠢ ᠪᠠᠨ | ᠳᠡᠯᠭᠡᠨ ᠦᠵᠡᠭᠦᠯᠬᠦ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠬᠦ ᠴᠢᠨᠠᠷ ᠰᠠᠶᠢᠲᠠᠢ ᠲᠠᠪᠴᠠᠩ ᠢ ᠬᠠᠩᠭᠠᠵᠠᠢ᠃ ᠮᠠᠨ ᠤ | ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠢ ᠠᠷᠠᠳ ᠤᠯᠠᠨ ᠤ ᠡᠳᠦᠷ ᠲᠤᠳᠤᠮ ᠤᠨ ᠠᠮᠢᠳᠤᠷᠠᠯ ᠳᠤ | ᠠᠭᠤᠰᠤᠯᠴᠠᠭᠤᠯᠬᠤ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠤᠬᠠᠮᠰᠠᠷ ᠢ | ᠳᠡᠭᠡᠭᠰᠢᠯᠡᠭᠦᠯᠵᠦ᠂ ᠮᠠᠩᠬᠠᠨ ᠳᠠᠭᠤᠣ ᠪᠠ ᠬᠤᠶᠠᠷ ᠬᠦᠮᠦᠨ ᠤ ᠡᠯᠭᠦᠴᠡᠭᠡ ᠶᠢ ᠦᠴᠦᠸᠠᠨ ᠰᠢᠶᠠᠨ ᠳᠤ ᠦᠶ᠎ᠡ ᠶᠢᠨ | ᠦᠶ᠎ᠡ ᠳᠡᠭᠡᠨ ᠤᠯᠠᠮᠵᠢᠯᠠᠨ ᠪᠠᠳᠠᠷᠠᠭᠤᠯᠤᠨ ᠳᠡᠯᠭᠡᠷᠡᠭᠦᠯᠦᠨ᠎ᠡ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |