ᠲᠥᠪ ᠬᠢᠭᠡᠳ ᠥᠪᠡᠷᠲᠡᠭᠡᠨ ᠵᠠᠰᠠᠬᠤ ᠣᠷᠣᠨ ᠠᠴᠠ 4.9 ᠳ᠋ᠦᠡᠭᠰᠢᠭᠤᠷ ᠭᠠᠷᠤᠢ ᠲᠥᠭᠦᠷᠢᠭ ᠪᠠᠭᠤᠯᠭᠠᠵᠤ 556 ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ ᠲᠡᠮᠵᠢᠪᠡ
ᠨᠡᠶᠢᠲᠡᠯᠡᠭᠰᠡᠨ ᠴᠠᠭ᠄
2023/9/1
     ᠡᠨᠡ ᠵᠢᠯ ᠠᠴᠠ ᠨᠠᠭᠠᠰᠢ᠂ ᠲᠥᠪ ᠤᠨ ᠡᠳ᠋ ᠤᠨ ᠵᠠᠰᠠᠭ ᠪᠣᠯᠣᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 4.9 ᠳ᠋ᠦᠡᠭᠰᠢᠭᠤᠷ ᠭᠠᠷᠤᠢ ᠲᠥᠭᠦᠷᠢᠭ ᠪᠠᠭᠤᠯᠭᠠᠵᠤ᠂ ᠮᠠᠨ ᠤ ᠣᠷᠣᠨ ᠤ 556 ᠭᠠᠴᠠᠭ᠎ᠠ ᠲᠤᠰᠬᠤᠨ  ᠤ ᠬᠠᠮᠲᠤ ᠶᠢᠨ ᠠᠵᠤ ᠠᠬᠤᠢ ᠶᠢ ᠲᠡᠮᠵᠢᠪᠡ᠃      ᠡᠨᠡ ᠵᠢᠯ᠂ ᠮᠠᠨ ᠤ ᠣᠷᠣᠨ ᠤ ᠲᠥᠪ ᠤᠨ ᠡᠳ᠋ ᠤᠨ ᠵᠠᠰᠠᠭ ᠠᠴᠠ ᠬᠠᠮᠲᠤ ᠶᠢᠨ ᠠᠵᠤ ᠠᠬᠤᠢ ᠶᠢ ᠲᠡᠳᠬᠦᠨ ᠬᠥᠭᠵᠢᠭᠦᠯᠬᠦ ᠬᠡᠪᠴᠢᠶᠡᠨ ᠳᠤ ᠣᠷᠣᠭᠰᠠᠨ ᠭᠠᠴᠠᠭ᠎ᠠ ᠲᠤᠰᠬᠤᠨ 351 ᠪᠣᠯᠪᠠ᠃ ᠡᠳᠡᠭᠡᠷ ᠭᠠᠴᠠᠭ᠎ᠠ ᠲᠤᠰᠬᠤᠨ ᠳᠤ᠂ ᠲᠥᠪ ᠤᠨ ᠡᠳ᠋ ᠤᠨ ᠵᠠᠰᠠᠭ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ  ᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠵᠣᠯᠭᠠᠭᠤᠯᠬᠤ 2.4 ᠳ᠋ᠦᠡᠭᠰᠢᠭᠤᠷ ᠭᠠᠷᠤᠢ ᠲᠥᠭᠦᠷᠢᠭ ᠤᠨ ᠨᠥᠬᠦᠪᠦᠷᠢ ᠮᠥᠩᠭᠦ ᠪᠠᠭᠤᠯᠭᠠᠵᠤ᠂ ᠭᠠᠴᠠᠭ᠎ᠠ ᠲᠤᠰᠬᠤᠨ ᠪᠦᠷᠢ ᠳᠤ 70 ᠲᠦᠮᠡᠨ ᠲᠥᠭᠦᠷᠢᠭ ᠪᠠᠭᠤᠯᠭᠠᠪᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠳ᠋ᠦᠡᠭᠰᠢᠭᠤᠷ ᠭᠠᠷᠤᠢ ᠲᠥᠭᠦᠷᠢᠭ ᠪᠠᠭᠤᠯᠭᠠᠵᠤ᠂ ᠭᠠᠴᠠᠭ᠎ᠠ ᠲᠤᠰᠬᠤᠨ ᠪᠦᠷᠢ ᠳᠤ 30 ᠲᠦᠮᠡᠨ ᠲᠥᠭᠦᠷᠢᠭ ᠪᠠᠭᠤᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠦᠷᠭᠦᠯᠵᠢᠯᠡᠨ ᠬᠥᠭᠵᠢᠬᠦ ᠳᠤ ᠡᠳ᠋ ᠤᠨ ᠬᠦᠴᠦᠨ ᠤ ᠪᠠᠲᠤᠯᠠᠭ᠎ᠠ ᠬᠠᠩᠭᠠᠪᠠ᠃      ᠳᠡᠭᠡᠷ᠎ᠡ ᠳᠤᠷᠠᠳᠤᠭᠰᠠᠨ ᠭᠠᠴᠠᠭ᠎ᠠ ᠲᠤᠰᠬᠤᠨ ᠠᠴᠠ ᠭᠠᠳᠠᠨ᠎ᠠ᠂ ᠮᠠᠨ ᠤ ᠣᠷᠣᠨ 205 ᠭᠠᠴᠠᠭ᠎ᠠ ᠲᠣᠰᠬᠤᠨ ᠢ ᠥᠪᠡᠷᠲᠡᠭᠡᠨ ᠵᠠᠰᠠᠬᠤ ᠣᠷᠣᠨ ᠤ ᠬᠠᠮᠲᠤ ᠶᠢᠨ ᠠᠵᠤ ᠠᠬᠤᠢ ᠶᠢ ᠲᠡᠳᠬᠦᠨ ᠬᠥᠭᠵᠢᠭᠦᠯᠬᠦ ᠬᠡᠪᠴᠢᠶᠡᠨ  ᠳᠤ ᠰᠢᠨ᠎ᠡ ᠪᠠᠷ ᠤᠷᠤᠭᠤᠯᠬᠤ ᠪᠠᠷ ᠲᠣᠭᠲᠠᠭᠠᠭᠰᠠᠨ ᠮᠥᠷᠲᠡᠭᠡᠨ 1.43 ᠳ᠋ᠦᠡᠭᠰᠢᠭᠤᠷ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠪᠠᠭᠤᠯᠭᠠᠵᠠᠢ᠃      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠡᠭᠡᠷ᠎ᠡ ᠳᠤᠷᠠᠳᠤᠭᠰᠠᠨ ᠪᠡᠯᠡ ᠮᠥᠩᠭᠦ ᠶᠢ ᠪᠦᠭᠦᠨ ᠢ ᠬᠤᠯᠪᠣᠭᠳᠠᠯ ᠪᠦᠬᠦᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠲᠡᠳᠬᠦᠬᠦ ᠲᠥᠷᠥᠯ ᠵᠦᠢᠯ ᠳᠤ ᠬᠡᠷᠡᠭᠯᠡᠬᠦ ᠬᠡᠷᠡᠭᠲᠡᠢ᠂ ᠪᠡᠯᠡ ᠮᠥᠩᠭᠦ ᠶᠢ ᠭᠡᠮᠵᠢᠶᠡᠷᠢᠯᠡᠭᠦ ᠪᠤᠶᠤ ᠭᠡᠯᠪᠡᠷᠢ ᠶᠢ ᠨᠢ ᠥᠭᠡᠷᠡᠲᠦᠭᠦᠯᠦᠨ ᠬᠤᠪᠢ ᠬᠥᠮᠥᠨ ᠵᠢᠴᠢ ᠪᠤᠰᠤᠳ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠬᠤᠪᠢᠶᠠᠷᠢᠯᠠᠨ ᠥᠭᠴᠦ ᠬᠡᠷᠡᠭᠯᠡᠭᠦᠯᠵᠦ ᠪᠤᠯᠬᠤ ᠦᠭᠡᠢ᠂ ᠡᠭᠦᠨ ᠢᠶᠠᠷ ᠲᠡᠮᠵᠢᠨ ᠡᠳ᠋ ᠤᠨ ᠵᠠᠰᠠᠭ ᠤᠨ ᠪᠡᠯᠡ ᠮᠥᠩᠭᠦ  ᠶᠢᠨ ᠬᠡᠷᠡᠭᠯᠡᠯᠲᠡ ᠶᠢᠨ ᠦᠷ᠎ᠡ ᠠᠰᠢᠭ ᠢ ᠨᠡᠮᠡᠭᠳᠡᠭᠦᠯᠵᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠬᠠᠮᠢᠶ᠎ᠠ ᠪᠦᠬᠦᠢ ᠠᠶᠢᠮᠠᠭ ᠬᠤᠳᠠ᠂ ᠬᠤᠰᠢᠭᠤ ᠰᠢᠶᠠᠨ ᠣᠷᠣᠨ ᠨᠤᠲᠤᠭ ᠤᠨ ᠡᠳ᠋ ᠤᠨ ᠬᠦᠴᠦᠨ ᠤ ᠪᠠᠶᠢᠳᠠᠯ ᠢᠶᠠᠨ ᠦᠨᠳᠦᠰᠦᠯᠡᠨ᠂ ᠪᠡᠯᠡ ᠮᠥᠩᠭᠦ ᠶᠢᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠬᠠᠮᠢᠶ᠎ᠠ ᠪᠦᠬᠦᠢ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢ ᠲᠡᠮᠵᠢᠵᠤ ᠪᠣᠯᠣᠨ᠎ᠠ ᠭᠡᠵᠦ ᠲᠣᠳᠣᠷᠬᠠᠶᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号