2023 ᠣᠨ ᠤ ᠬᠡᠪᠯᠡᠯ ᠤᠨ ᠪᠠᠷᠢᠮᠵᠢᠶᠠᠲᠤ ᠭᠠᠵᠠᠷ ᠤᠨ ᠵᠢᠷᠤᠭ ᠢ ᠵᠢᠩᠬᠢᠨᠢ ᠪᠠᠷ ᠨᠡᠶᠢᠲᠡᠯᠡᠪᠡ
ᠨᠡᠶᠢᠲᠡᠯᠡᠭᠰᠡᠨ ᠴᠠᠭ᠄
2023/9/1
     ᠵᠢᠯ ᠳᠤ ᠨᠢᠭᠡ ᠤᠳᠠᠭ᠎ᠠ ᠶᠠᠪᠤᠭᠳᠠᠬᠤ ᠪᠦᠭᠦ ᠤᠯᠤᠰ ᠤᠨ ᠬᠡᠮᠵᠢᠨ ᠵᠢᠷᠤᠭᠯᠠᠬᠤ ᠬᠠᠤᠯᠢ ᠶᠢᠨ ᠤᠬᠠᠭᠤᠯᠭ᠎ᠠ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ 2023 ᠣᠨ ᠤ ᠬᠡᠪᠯᠡᠯ ᠤᠨ ᠪᠠᠷᠢᠮᠵᠢᠶᠠᠲᠤ ᠭᠠᠵᠠᠷ ᠤᠨ ᠵᠢᠷᠤᠭ ᠢ ᠵᠢᠩᠬᠢᠨᠢ ᠪᠠᠷ ᠨᠡᠶᠢᠲᠡᠯᠡᠪᠡ᠃      8 ᠰᠠᠷ᠎ᠠ ᠶᠢᠨ 28 ᠤ ᠡᠳᠦᠷ᠂ ︽ᠭᠠᠵᠠᠷ ᠤᠨ ᠵᠢᠷᠤᠭ ᠢ ᠵᠢᠷᠤᠮᠵᠢᠭᠤᠯᠤᠨ ᠬᠡᠷᠡᠭᠯᠡᠵᠦ ᠣᠭᠲᠣᠬᠠᠨ ᠴᠤ ᠪᠤᠷᠤᠭᠤ ᠭᠠᠷᠭᠠᠵᠤ ᠪᠤᠯᠬᠤ ᠦᠭᠡᠢ︾ ᠭᠡᠳᠡᠭ ᠢᠶᠠᠷ ᠭᠤᠣᠯ ᠰᠡᠳᠦᠪ ᠪᠤᠯᠭᠠᠬᠰᠠᠨ 2023 ᠣᠨ ᠤ ᠬᠡᠪᠯᠡᠯ ᠤᠨ ᠪᠦᠭᠦ ᠤᠯᠤᠰ ᠤᠨ ᠬᠡᠮᠵᠢᠨ ᠵᠢᠷᠤᠭᠯᠠᠬᠤ ᠬᠠᠤᠯᠢ ᠶᠢᠨ ᠤᠬᠠᠭᠤᠯᠭ᠎ᠠ ᠶᠢᠨ ᠡᠳᠦᠷ ᠵᠢᠴᠢ ᠤᠯᠤᠰ ᠤᠨ ᠨᠤᠲᠤᠭ ᠳᠡᠪᠢᠰᠬᠡᠷ ᠤᠨ ᠤᠬᠠᠮᠰᠠᠷ ᠢ ᠤᠬᠠᠭᠤᠯᠬᠤ ᠭᠠᠷᠠᠭ ᠤᠨ ᠭᠤᠣᠯ ᠲᠠᠯᠠᠪᠤᠷ ᠤᠨ ᠠᠵᠢᠯᠯᠠᠭ᠎ᠠ ᠵᠧᠵᠢᠶᠠᠩ ᠤᠨ ᠳ᠋ᠧᠴᠢᠩ ᠳᠤ ᠶᠠᠪᠤᠭᠳᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ 2023 ᠣᠨ ᠤ ᠪᠠᠷᠢᠮᠵᠢᠶᠠᠲᠤ ᠭᠠᠵᠠᠷ ᠤᠨ ᠵᠢᠷᠤᠭ ᠪᠣᠯᠣᠨ ᠯᠠᠪᠯᠠᠯᠲᠠ ᠶᠢᠨ ᠭᠠᠵᠠᠷ ᠤᠨ ᠵᠢᠷᠤᠭ ᠢ 879 ᠬᠤᠪᠢ ᠨᠡᠶᠢᠲᠡᠯᠡᠪᠡ᠂ ᠡᠭᠦᠨ ᠳᠤ ᠪᠠᠷᠢᠮᠵᠢᠶᠠᠲᠤ ᠭᠠᠵᠠᠷ ᠤᠨ ᠵᠢᠷᠤᠭ 20 ᠪᠠᠶᠢᠵᠤ᠂ ᠳᠤᠮᠳᠠᠳᠤ ᠤᠯᠤᠰ ᠤᠨ ᠭᠠᠵᠠᠷ ᠤᠨ ᠵᠢᠷᠤᠭ 6᠂ ᠶᠡᠭᠡ ᠲᠢᠪ ᠤᠨ ᠭᠠᠵᠠᠷ ᠤᠨ ᠵᠢᠷᠤᠭ 14 ᠪᠠᠭᠲᠠᠨ᠎ᠠ᠂ ᠯᠠᠪᠯᠠᠯᠲᠠ ᠶᠢᠨ ᠭᠠᠵᠠᠷ ᠤᠨ ᠵᠢᠷᠤᠭ 859 ᠪᠠᠶᠢᠵᠤ᠂ ᠪᠡᠭᠡᠵᠢᠩ᠂ ᠾᠧᠪᠧᠢ᠂ ᠬᠠᠷᠠᠮᠥ᠋ᠷᠡᠨ ᠵᠡᠷᠭᠡ 13 ᠮᠤᠵᠢ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠠᠴᠠ ᠰᠣᠩᠭᠤᠨ ᠬᠦᠷᠭᠡᠪᠡ᠃      ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠶᠡᠷᠦᠩᠬᠡᠢ ᠲᠥᠯᠥᠪᠵᠢᠭᠦᠯᠦᠭᠴᠢ ᠦ᠋ ᠸᠧᠨ ᠵᠦᠩ᠂ 5 ᠵᠢᠯ ᠳᠠᠷᠠᠭᠠᠯᠠᠨ ᠪᠦᠭᠦ ᠤᠯᠤᠰ ᠤᠨ ᠬᠡᠮᠵᠢᠨ ᠵᠢᠷᠤᠭᠯᠠᠬᠤ ᠬᠠᠤᠯᠢ ᠶᠢᠨ ᠤᠬᠠᠭᠤᠯᠭ᠎ᠠ ᠶᠢᠨ ᠡᠳᠦᠷ ᠵᠢᠴᠢ ᠤᠯᠤᠰ ᠤᠨ ᠨᠤᠲᠤᠭ ᠳᠡᠪᠢᠰᠬᠡᠷ ᠤᠨ ᠤᠬᠠᠮᠰᠠᠷ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠪᠦᠭᠦ ᠠᠷᠠᠳ ᠤᠨ ᠬᠡᠮᠵᠢᠨ ᠵᠢᠷᠤᠭᠯᠠᠬᠤ ᠬᠠᠤᠯᠢᠵᠢᠯ ᠤᠨ ᠤᠬᠠᠮᠰᠠᠷ᠂ ᠤᠯᠤᠰ ᠤᠨ ᠨᠤᠲᠤᠭ ᠳᠡᠪᠢᠰᠬᠡᠷ ᠤᠨ ᠤᠬᠠᠮᠰᠠᠷ ᠢᠯᠡᠳᠲᠡ ᠳᠡᠭᠡᠭᠰᠢᠯᠡᠪᠡ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠪᠣᠳᠠᠲᠤ ᠦᠵᠡᠮᠵᠢ ᠶᠢᠨ ᠭᠤᠷᠪᠠᠨ ᠬᠡᠮᠵᠢᠯᠲᠦ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠨᠢᠭᠡᠳᠦᠯᠲᠡᠢ ᠴᠠᠭ ᠣᠷᠣᠨ ᠵᠠᠢ ᠶᠢᠨ ᠰᠠᠭᠤᠷᠢ ᠶᠢ ᠬᠦᠴᠦᠯᠡᠨ ᠴᠣᠭᠴᠠᠯᠠᠵᠤ᠂ ᠴᠢᠨᠠᠷ ᠰᠠᠶᠢᠲᠠᠢ ᠬᠥᠭᠵᠢᠯᠲᠡ ᠳᠤ ᠡᠯᠪᠡᠭ ᠪᠠᠶᠠᠯᠢᠭ ᠳ᠋ᠠᠶᠢᠲ᠋ᠠ ᠶᠢᠨ ᠡᠯᠧᠮᠧᠨ᠋ᠲ ᠤᠨ ᠪᠠᠲᠤᠯᠠᠭ᠎ᠠ ᠬᠠᠩᠭᠠᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢ ᠪᠠᠶᠢᠭᠤᠯᠬᠤ ᠳᠤ ᠬᠠᠮᠢᠶᠠᠷᠤᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ ᠭᠡᠵᠦ ᠢᠯᠡᠳᠬᠡᠪᠡ᠃      ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ ᠶᠢ ᠠᠬᠢᠭᠤᠯᠵᠤ᠂  ᠬᠤᠳᠠᠯᠳᠤᠭ᠎ᠠ  ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠨᠡᠶᠢᠭᠡᠮ ᠤᠨ ᠣᠯᠠᠨ ᠨᠡᠶᠢᠲᠡ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠪᠠᠷᠢᠮᠵᠢᠶᠠᠲᠤ ᠭᠠᠵᠠᠷ ᠤᠨ ᠵᠢᠷᠤᠭ ᠤᠨ ᠦᠢᠯᠡᠴᠢᠯᠡᠭᠡᠨ ᠤ ᠰᠢᠰᠲ᠋ᠧᠮ ᠢ ᠵᠣᠬᠢᠶᠠᠨ ᠪᠠᠶᠢᠭᠤᠯᠵᠤ ᠰᠤᠳᠤᠯᠤᠨ ᠨᠡᠭᠡᠭᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠰᠦᠯᠵᠢᠶ᠎ᠡ ᠳᠤ ᠠᠵᠢᠯᠯᠠᠭᠤᠯᠵᠤ᠂ ᠨᠡᠶᠢᠭᠡᠮ ᠳᠤ ᠬᠠᠨᠳᠤᠭᠤᠯᠤᠨ ᠲᠥᠷᠥᠯ ᠵᠦᠢᠯ ᠢᠶᠠᠷ ᠪᠠᠶᠠᠯᠢᠭ ᠰᠢᠷᠢᠰ ᠬᠠᠷᠢᠴᠠᠯ ᠲᠣᠬᠤᠢ ᠶᠢᠨ ᠪᠠᠷᠢᠮᠵᠢᠶᠠᠲᠤ ᠭᠠᠵᠠᠷ ᠤᠨ ᠵᠢᠷᠤᠭ᠂ ᠣᠶᠤᠨᠲᠤ ᠰᠣᠯᠪᠢᠴᠠᠭᠰᠠᠨ ᠭᠡᠯᠪᠡᠷᠢ ᠶᠢᠨ ᠰᠦᠯᠵᠢᠶᠡᠨ ᠳᠡᠭᠡᠷ᠎ᠡ ᠥᠪᠡᠰᠦᠪᠡᠨ ᠵᠢᠷᠤᠭ ᠵᠢᠷᠤᠬᠤ ᠦᠢᠯᠡᠴᠢᠯᠡᠭᠡ ᠶᠢ ᠬᠠᠩᠭᠠᠪᠠ᠃ ᠰᠢᠰᠲ᠋ᠧᠮ ᠰᠦᠯᠵᠢᠶᠡᠨ ᠳᠤ ᠭᠠᠷᠤᠭᠰᠠᠨ ᠠᠴᠠ ᠨᠠᠭᠠᠰᠢ᠂ ᠶᠡᠷᠦᠩᠬᠡᠢ ᠳᠠᠷᠤᠮ ᠤᠨ ᠬᠡᠮᠵᠢᠶ᠎ᠡ 1258 ᠲᠦᠮᠡᠨ ᠤᠳᠠᠭ᠎ᠠ ᠶᠢ ᠳᠠᠪᠠᠵᠤ᠂ ᠪᠠᠭᠤᠯᠭᠠᠨ ᠠᠪᠤᠭᠰᠠᠨ ᠶᠡᠷᠦᠩᠬᠡᠢ ᠬᠡᠮᠵᠢᠶ᠎ᠡ 547 ᠲᠦᠮᠡᠨ ᠤᠳᠠᠭ᠎ᠠ ᠶᠢ ᠳᠠᠪᠠᠵᠤ᠂ ᠳᠠᠩᠰᠠᠯᠠᠭᠤᠯᠤᠭᠰᠠᠨ ᠶᠡᠷᠦᠩᠬᠡᠢ ᠬᠡᠷᠡᠭᠯᠡᠭᠴᠢ ᠶᠢᠨ ᠲᠤᠭ᠎ᠠ 19 ᠲᠦᠮᠡ ᠶᠢ ᠳᠠᠪᠠᠵᠤ᠂ ᠣᠯᠠᠨ ᠨᠡᠶᠢᠲᠡ ᠶᠢᠨ ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠭᠠᠵᠠᠷ ᠤᠨ ᠵᠢᠷᠤᠭ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠵᠤ᠂ ᠡᠬᠢ ᠡᠭᠦᠰᠦᠯ ᠠᠴᠠ ᠨᠢ︽ᠠᠰᠠᠭᠤᠳᠠᠯ ᠲᠠᠢ ᠭᠠᠵᠠᠷ ᠤᠨ ᠵᠢᠷᠤᠭ︾ ᠢ ᠬᠤᠷᠢᠭᠯᠠᠬᠤ ᠳᠤ ᠰᠠᠭᠤᠷᠢ ᠲᠠᠯᠪᠢᠵᠤ ᠥᠭᠴᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠠ ᠯᠢ ᠪᠠ ᠪᠠ ᠪᠦᠯᠦᠭᠯᠡᠯ᠂ ᠪᠠᠢ ᠳ᠋ᠦ᠋ ᠪᠦᠯᠦᠭᠯᠡᠯ᠂ ᠲᠧᠩ ᠰᠢᠶᠦ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ᠂ ᠭᠤᠤ ᠳ᠋ᠧ ᠭᠠᠵᠠᠷ ᠤᠨ ᠵᠢᠷᠤᠭ ᠵᠡᠷᠭᠡ 11 ᠢᠨᠲ᠋ᠧᠷ ᠰᠦᠯᠵᠢᠶᠡᠨ ᠤ ᠠᠵᠤ ᠠᠬᠤᠶᠢᠯᠠᠯ ᠬᠠᠮᠲᠤ ᠪᠠᠷ︽ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠢ ᠵᠢᠷᠤᠮᠵᠢᠭᠤᠨ ᠬᠡᠷᠡᠭᠯᠡᠬᠦ ᠰᠠᠨᠠᠭᠠᠴᠢᠯᠠᠭ᠎ᠠ ᠶᠢᠨ ᠪᠢᠴᠢᠭ︾ ᠢ ᠨᠡᠶᠢᠲᠡᠯᠡᠵᠦ᠂ ᠪᠣᠯᠪᠠᠰᠤᠨ᠂ ᠦᠨᠡᠨᠴᠢ ᠢᠲᠡᠭᠡᠮᠵᠢᠲᠡᠢ᠂ ᠠᠮᠤᠷ ᠲᠦᠪᠰᠢᠨ ᠰᠦᠯᠵᠢᠶᠡᠨ ᠤ ᠭᠠᠵᠠᠷ ᠤᠨ ᠵᠢᠷᠤᠭ ᠤᠨ ᠣᠷᠣᠨ ᠵᠠᠢ ᠶᠢ ᠭᠠᠷ ᠬᠤᠯᠪᠣᠯᠴᠠᠨ ᠬᠠᠮᠲᠤ ᠪᠠᠷ ᠪᠠᠶᠢᠭᠤᠯᠪᠠ᠃      ᠲᠣᠰ ᠠᠵᠢᠯᠯᠠᠭ᠎ᠠ ᠨᠢ ᠪᠠᠰᠠ ᠪᠠᠪᠠᠯᠠ·ᠫᠧᠱᠨᠢᠺ ᠬᠡᠦᠬᠡᠳ ᠤᠨ ᠳᠡᠯᠡᠬᠡᠢ ᠶᠢᠨ ᠭᠠᠵᠠᠷ ᠤᠨ ᠵᠢᠷᠤᠭ ᠤᠨ ᠤᠷᠤᠯᠳᠤᠭᠠᠨ ᠳᠤ ᠱᠠᠩᠨᠠᠯ ᠬᠦᠷᠲᠡᠭᠰᠡᠳ ᠲᠤ ᠱᠠᠩᠨᠠᠯ ᠣᠯᠭᠤᠵᠤ᠂ ᠪᠦᠭᠦ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ ᠮᠡᠳᠡᠯᠭᠡ ᠶᠢᠨ ᠤᠷᠤᠯᠳᠤᠭᠠᠨ ︵ᠳᠤᠮᠳᠠᠳᠤ ᠪᠠᠭ᠎ᠠ ᠰᠤᠷᠭᠠᠭᠤᠯᠢ ᠶᠢᠨ ᠳᠤᠭᠤᠶᠢᠯᠠᠩ︶ ᠤ ᠡᠭᠢᠯᠡᠯᠲᠡ ᠶᠢᠨ ᠶᠣᠰᠣᠯᠠᠯ ᠶᠠᠪᠤᠭᠤᠯᠤᠭᠰᠠᠨ ᠪᠥᠭᠡᠳ ᠰᠤᠷᠭᠠᠭᠤᠯᠢ᠂ ᠵᠠᠭᠤᠴᠢᠯᠠᠭᠤᠷ ᠵᠢᠴᠢ ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠨ ᠲᠥᠯᠥᠭᠡᠯᠡᠭᠴᠢᠳ ᠲᠤ︽ᠤᠯᠤᠰ ᠤᠨ ᠨᠤᠲᠤᠭ ᠳᠡᠪᠢᠰᠬᠡᠷ ᠤᠨ ᠮᠡᠳᠡᠯᠭᠡ ᠶᠢᠨ ᠤᠩᠰᠢᠬᠤ ᠪᠢᠴᠢᠭ︾  ᠪᠡᠯᠡᠭᠯᠡᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号