ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠡᠯ᠎ᠡ ᠵᠦᠢᠯ  ᠤᠨ ᠪᠡᠯᠡᠳᠬᠡᠯ ᠠᠵᠢᠯ ᠡᠮᠬᠢ ᠵᠢᠷᠤᠮ ᠲᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2023/9/1
     ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ 9 ᠰᠠᠷ᠎ᠠ ᠶᠢᠨ 6 ᠠᠴᠠ 10 ᠤ ᠡᠳᠦᠷ ᠪᠤᠯᠳᠠᠯ᠎ᠠ ᠭᠦᠭᠡᠬᠤᠳᠠ ᠳᠤ ᠶᠠᠪᠤᠭᠳᠠᠨ᠎ᠠ᠃ ᠣᠳᠣᠬᠠᠨ ᠳᠤ ᠦᠵᠡᠰᠭᠦᠯᠡᠩ ᠤᠨ ᠴᠤᠭᠯᠠᠭᠠᠨ  ᠤ ᠡᠯ᠎ᠡ ᠵᠦᠢᠯ ᠤᠨ ᠪᠡᠯᠡᠳᠬᠡᠯ ᠠᠵᠢᠯ ᠪᠠᠴᠢᠮ ᠶᠠᠭᠠᠷᠠᠯᠲᠠᠢ ᠮᠥᠷᠲᠡᠭᠡᠨ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃      ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠭᠤᠣᠯ ᠲᠠᠯᠠᠪᠠᠢ ᠪᠤᠯᠬᠤ ᠭᠦᠭᠡᠬᠤᠲᠠ ᠶᠢᠨ ᠴᠡᠯᠡᠭᠡᠷ ᠲᠠᠯ᠎ᠠ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠠᠵᠢᠯᠲᠠᠳ ᠲᠠᠯᠠᠪᠠᠢ ᠣᠷᠳᠣᠨ ᠤ ᠪᠠᠶᠢᠭᠤᠯᠤᠯᠲᠠ ᠶᠢᠨ ᠠᠵᠢᠯ ᠳᠤ ᠶᠠᠭᠠᠷᠠᠯᠳᠤᠨ᠎ᠠ᠃ ︽ᠪᠢᠳᠡ ᠤᠷᠢᠳ ᠢᠶᠠᠷ ᠲᠠᠯᠠᠪᠠᠢ ᠣᠷᠳᠣᠨ ᠤ ᠵᠢᠷᠤᠭ ᠲᠥᠯᠥᠪᠯᠡᠭᠡ ᠭᠠᠷᠭᠠᠨ᠂ ᠦᠵᠡᠰᠭᠦᠯᠡᠩ ᠳᠤ ᠣᠷᠤᠯᠴᠠᠬᠤ ᠡᠲᠡᠭᠡᠳ ᠲᠠᠢ ᠵᠤᠯᠭᠠᠯᠴᠠᠨ ᠵᠠᠰᠠᠪᠤᠷᠢ ᠣᠷᠣᠭᠤᠯᠵᠤ ᠲᠣᠭᠲᠠᠭᠠᠭᠰᠠᠨ ᠤ ᠲᠠᠷᠠᠭ᠎ᠠ ᠰᠠᠶ᠋ᠢ ᠪᠠᠷᠢᠯᠭ᠎ᠠ ᠶᠢᠨ ᠵᠢᠷᠤᠭ ᠭᠠᠷᠭᠠᠵᠤ᠂ ᠬᠠᠮᠤᠭ ᠤᠨ ᠰᠡᠭᠦᠯ ᠳᠤ ᠪᠠᠷᠢᠯᠭ᠎ᠠ ᠶᠢᠨ ᠮᠠᠲ᠋ᠧᠷᠢᠶᠠᠯ ᠣᠷᠣᠭᠤᠯᠤᠨ ᠪᠣᠰᠬᠠᠨ ᠪᠠᠶᠢᠭᠤᠯᠵᠤ ᠪᠠᠶᠢᠨ᠎ᠠ᠃ ᠡᠯ᠎ᠡ ᠦᠵᠡᠰᠭᠦᠯᠡᠩ ᠤᠨ ᠣᠷᠳᠣᠨ ᠢ 8 ᠰᠠᠷ᠎ᠠ ᠶᠢᠨ 24 ᠤ ᠡᠳᠦᠷ ᠠᠴᠠ ᠡᠬᠢᠯᠡᠨ ᠪᠣᠰᠬᠠᠨ ᠪᠠᠶᠢᠭᠤᠯᠵᠤ᠂ 9 ᠰᠠᠷ᠎ᠠ ᠶᠢᠨ 4 ᠤ ᠡᠳᠦᠷ ᠪᠤᠯᠳᠠᠯ᠎ᠠ ᠲᠠᠯᠠᠪᠠᠢ ᠣᠷᠳᠣᠨ ᠤ ᠪᠤᠶ ᠪᠦᠬᠦᠢ ᠪᠠᠶᠢᠭᠤᠯᠤᠯᠲᠠ ᠶᠢᠨ ᠠᠵᠢᠯ ᠢ ᠪᠦᠭᠦᠨ ᠢ ᠳᠠᠭᠤᠰᠬᠠᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠠᠳᠠᠭᠠᠳᠤ ᠠᠷᠠᠯᠵᠢᠶᠠᠨ ᠤ ᠭᠠᠵᠠᠷ ᠤᠨ ᠳᠠᠷᠤᠭ᠎ᠠ ᠳ᠋ᠢᠩ ᠰᠢᠶᠣᠣ ᠯᠦᠩ ᠲᠠᠨᠢᠯᠴᠠᠭᠤᠯᠪᠠ᠃ ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠭᠤᠣᠯ ᠦᠵᠡᠰᠭᠦᠯᠡᠩ ᠤᠨ ᠲᠠᠯᠠᠪᠠᠶ ᠶᠢ 9.2 ᠲᠦᠮᠡᠨ ᠲᠡᠭᠰᠢ ᠳᠥᠷᠪᠡᠯᠵᠢᠨ ᠮᠧᠲᠷ ᠢᠶᠠᠷ ᠲᠥᠯᠥᠪᠵᠢᠭᠦᠯᠵᠦ᠂ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠲᠡᠦᠬᠡᠨ ᠰᠢᠨ᠎ᠡ ᠲᠡᠮᠳᠡᠭᠯᠡᠯ ᠢ ᠡᠭᠦᠳᠬᠦ ᠪᠣᠯᠣᠨ᠎ᠠ᠃ ᠵᠢᠱᠢᠯᠲᠡ ᠪᠠᠷ 3000 ᠭᠠᠷᠤᠢ ᠠᠵᠤ ᠠᠬᠤᠶᠢᠯᠠᠯ᠂ 35 ᠤᠯᠤᠰ ᠪᠠ ᠭᠠᠵᠠᠷ ᠣᠷᠣᠨ᠂ ᠪᠦᠭᠦ ᠤᠯᠤᠰ ᠤᠨ 27 ᠮᠤᠵᠢ ᠣᠷᠣᠨ ᠤ ᠬᠢᠨ ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠳᠤ ᠤᠷᠤᠯᠴᠠᠵᠤ᠂ ᠮᠥᠨ ᠬᠦ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠲᠡᠦᠬᠡᠨ ᠰᠢᠨ᠎ᠡ ᠲᠡᠮᠳᠡᠭᠯᠡᠯ ᠢ ᠡᠭᠦᠳᠬᠦ ᠪᠣᠯᠣᠨ᠎ᠠ᠃      ︽ᠲᠤᠰ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠦᠵᠡᠰᠭᠦᠯᠡᠩ ᠤᠨ ᠴᠤᠭᠯᠠᠭᠠᠨ ᠳᠤ ᠣᠷᠤᠯᠴᠠᠬᠤ ᠬᠤᠳᠠᠯᠳᠤᠭᠠᠴᠢᠳ ᠪᠣᠯᠣᠨ ᠦᠵᠡᠭᠦᠯᠭᠡ ᠶᠢᠨ ᠵᠦᠢᠯᠡᠰ ᠤᠨ ᠢᠯᠭᠤᠮ ᠤᠷᠤᠭᠰᠢᠲᠠᠢ ᠪᠠᠷ ᠪᠣᠭᠤᠮᠲᠠ ᠥᠩᠭᠡᠷᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ ᠮᠠᠨ ᠤ ᠪᠣᠭᠤᠮᠲᠠ ᠶᠢᠨ ᠬᠢᠨ ᠦᠵᠡᠭᠦᠯᠭᠡ ᠶᠢᠨ ᠵᠦᠢᠯᠡᠰ ᠢ ᠳᠠᠩᠰᠠᠯᠠᠬᠤ᠂ ᠦᠵᠡᠭᠦᠯᠭᠡ ᠶᠢᠨ ᠵᠦᠢᠯᠡᠰ ᠢ ᠪᠣᠭᠤᠮᠲᠠ ᠪᠠᠷ ᠥᠩᠭᠡᠷᠡᠭᠦᠯᠬᠦ᠂ ᠦᠵᠡᠰᠭᠦᠯᠡᠩ ᠤᠨ ᠴᠤᠭᠯᠠᠭᠠᠨ ᠳᠠᠭᠤᠰᠤᠭᠰᠠᠨ ᠤ ᠲᠠᠷᠠᠭ᠎ᠠ ᠦᠵᠡᠭᠦᠯᠭᠡ ᠶᠢᠨ ᠵᠦᠢᠯᠡᠰ ᠢ ᠲᠥᠪᠬᠢᠨᠡᠭᠦᠯᠬᠦ ᠵᠡᠷᠭᠡ ᠪᠦᠭᠦ ᠶᠠᠪᠤᠴᠠ ᠶᠢ ᠬᠠᠮᠤᠷᠤᠭᠰᠠᠨ 10 ᠵᠦᠢᠯ ᠤᠨ ᠲᠦᠭᠦᠮ ᠦᠵᠡᠭᠦᠯᠭᠦ ᠠᠷᠭ᠎ᠠ ᠬᠡᠮᠵᠢᠶ᠎ᠡ ᠶᠢ ᠲᠣᠭᠲᠠᠭᠠᠵᠠᠢ︾  ᠭᠡᠵᠦ ᠭᠦᠭᠡᠬᠤᠳᠠ ᠪᠣᠭᠤᠮᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠨ᠎ᠠ᠃ ᠣᠶᠢᠯᠠᠭᠠᠭᠰᠠᠨ ᠢᠶᠠᠷ᠂ ᠦᠵᠡᠰᠭᠦᠯᠡᠩ ᠤᠨ ᠴᠤᠭᠯᠠᠭᠠᠨ ᠡᠬᠢᠯᠡᠬᠦ ᠠᠴᠠ ᠡᠮᠦᠨ᠎ᠡ ᠭᠦᠭᠡᠬᠤᠲᠠ ᠪᠣᠭᠤᠮᠲᠠ ᠶᠢᠨ ᠬᠢᠨ ᠦᠵᠡᠭᠦᠯᠭᠡ ᠶᠢᠨ ᠵᠦᠢᠯᠡᠰ ᠤᠨ ᠨᠠᠷᠢᠨ ᠲᠠᠩᠰᠠ ᠶᠢ ᠤᠷᠢᠳᠴᠢᠯᠠᠨ ᠬᠢᠨᠠᠨ ᠬᠠᠷᠭᠤᠭᠤᠯᠬᠤ ᠦᠢᠯᠡᠴᠢᠯᠡᠭᠡ ᠬᠠᠩᠭᠠᠨ᠂ ᠮᠣᠩᠭᠤᠯ ᠤᠯᠤᠰ ᠤᠨ ᠤᠷᠢᠳᠴᠢᠯᠠᠨ ᠬᠠᠩᠭᠠᠭᠰᠠᠨ ᠦᠵᠡᠭᠦᠯᠭᠡ ᠶᠢᠨ ᠵᠦᠢᠯᠡᠰ ᠤᠨ ᠨᠠᠷᠢᠨ ᠲᠠᠩᠰᠠ ᠶᠢ ᠤᠷᠢᠳᠴᠢᠯᠠᠨ ᠬᠢᠨᠠᠨ ᠬᠠᠷᠭᠤᠭᠤᠯᠵᠤ᠂ ᠦᠵᠡᠰᠭᠦᠯᠡᠩ ᠤᠨ ᠴᠤᠭᠯᠠᠭᠠᠨ ᠳᠤ ᠣᠷᠤᠯᠴᠠᠬᠤ ᠬᠤᠳᠠᠯᠳᠤᠭᠠᠴᠢᠨ ᠪᠤᠶᠤ ᠣᠷᠣᠯᠠᠨ ᠭᠦᠢᠴᠡᠳᠬᠡᠬᠦ ᠬᠤᠳᠠᠯᠳᠤᠭᠠᠴᠢᠨ ᠤ ᠡᠷᠲᠡᠬᠡᠨ ᠪᠡᠯᠡᠳᠬᠡᠯ ᠬᠢᠵᠦ᠂ ᠪᠣᠭᠤᠮᠲᠠ ᠪᠠᠷ ᠤᠷᠤᠭᠰᠢᠲᠠᠢ ᠥᠩᠭᠡᠷᠡᠨ ᠦᠵᠡᠰᠭᠦᠯᠡᠩ ᠤᠨ ᠴᠤᠭᠯᠠᠭᠠᠨ ᠳᠤ ᠴᠠᠭ ᠲᠠᠭᠠᠨ ᠣᠷᠤᠯᠴᠠᠬᠤ ᠳᠤ ᠲᠥᠭᠦᠮ ᠬᠠᠩᠭᠠᠵᠤ ᠪᠠᠶᠢᠨ᠎ᠠ᠃ ᠦᠵᠡᠰᠭᠦᠯᠡᠩ  ᠤᠨ ᠴᠤᠭᠯᠠᠭᠠᠨ ᠤ ᠬᠤᠭᠤᠴᠠᠭᠠᠨ ᠳᠤ ᠭᠦᠭᠡᠬᠤᠲᠠ ᠪᠣᠭᠤᠮᠲᠠ ᠶᠢᠨ ᠬᠢᠨ ᠪᠠᠰᠠ ᠭᠤᠣᠯᠯᠠᠭᠴᠢ ᠬᠦᠴᠦᠨ ᠢᠶᠠᠨ ᠲᠣᠬᠢᠷᠠᠭᠤᠯᠤᠨ ᠠᠵᠢᠯ ᠤᠨ ᠲᠤᠰᠬᠠᠢ ᠠᠩᠭᠢ ᠪᠠᠶᠢᠭᠤᠯᠵᠤ᠂ ᠪᠣᠭᠤᠮᠲᠠ ᠪᠠᠷ ᠥᠩᠭᠡᠷᠡᠬᠦ᠂ ᠬᠢᠨᠠᠨ ᠬᠠᠮᠢᠶᠠᠷᠬᠤ᠂ ᠠᠰᠠᠭᠤᠨ ᠯᠠᠪᠯᠠᠬᠤ ᠵᠡᠷᠭᠡ ᠦᠢᠯᠡᠴᠢᠯᠡᠭᠡ ᠶᠢ ᠪᠦᠭᠦ ᠶᠠᠪᠤᠴᠠ ᠪᠠᠷ ᠬᠠᠩᠭᠠᠵᠤ᠂ ᠪᠣᠭᠤᠮᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠨ᠂ ᠳᠥᠷᠪᠡᠳᠦᠭᠡᠷ ᠬᠤᠭᠤᠴᠠᠭᠠᠨ ᠤ ᠲᠤᠮᠳᠠᠳᠤ ᠮᠣᠩᠭᠤᠯ  ᠤᠨ ᠦᠵᠡᠰᠭᠦᠯᠡᠩ ᠤᠨ ᠴᠤᠭᠯᠠᠭᠠᠨ ᠳᠤ ᠣᠷᠤᠯᠴᠠᠬᠤ ᠬᠤᠳᠠᠯᠳᠤᠭᠠᠴᠢᠳ ᠲᠤ ᠪᠣᠭᠤᠮᠲᠠ ᠪᠠᠷ ᠥᠩᠭᠡᠷᠡᠬᠦ ᠨᠠᠷᠢᠨ ᠲᠣᠳᠣᠷᠬᠠᠢ ᠵᠢᠯᠣᠭᠤᠳᠤᠮᠵᠢ ᠬᠠᠩᠭᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号