ᠬᠠᠷ᠎ᠠ ᠬᠤᠰᠢᠭᠤ ᠰᠢᠶᠠᠩ
ᠨᠡᠶᠢᠲᠡᠯᠡᠭᠰᠡᠨ ᠴᠠᠭ᠄
2023/9/1
     ᠨᠢᠭᠡ᠂ ᠭᠤᠣᠯ ᠡᠭᠦᠷᠭᠡ ᠲᠤᠰᠢᠶᠠᠯ ᠬᠠᠷᠢᠭᠤᠴᠠᠯᠭ᠎ᠠ      ( ᠨᠢᠭᠡ ) ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠵᠢᠴᠢ ᠳᠡᠭᠡᠳᠦ ᠱᠠᠲᠤᠨ ᠤ ᠲᠤᠶᠢᠷᠦ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠭᠲᠠᠭᠠᠯ ᠪᠠ ᠵᠠᠷᠯᠢᠭ ᠢ ᠬᠡᠷᠡᠭᠵᠢᠭᠦᠯᠦᠨ᠎ᠡ︔      ( ᠬᠤᠶᠠᠷ ) ᠪᠦᠬᠦ ᠰᠢᠶᠠᠩ ᠤᠨ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠲᠥᠯᠥᠪᠯᠡᠭᠡ᠂ ᠲᠥᠰᠥᠪ ᠢ ᠭᠦᠢᠴᠡᠳᠬᠡᠵᠦ᠂ ᠠᠵᠤ ᠠᠬᠤᠢ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠦᠢᠯᠡᠰ ᠪᠠ ᠡᠳ᠋ ᠤᠨ ᠵᠠᠰᠠᠭ᠂ ᠠᠷᠠᠳ ᠤᠨ ᠶᠠᠪᠤᠳᠠᠯ᠂ ᠠᠮᠤᠷ ᠢ ᠬᠠᠮᠠᠭᠠᠯᠠᠬᠤ᠂ ᠠᠷᠠᠳ ᠤᠨ ᠡᠶᠡᠳᠡᠭᠦᠯᠭᠡ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠠᠷᠠᠳ ᠢ ᠨᠡᠭᠦᠯᠭᠡᠨ ᠨᠡᠭᠡᠭᠡᠨ ᠬᠥᠭᠵᠢᠭᠦᠯᠬᠦ ᠵᠡᠷᠭᠡ ᠵᠠᠰᠠᠭ ᠵᠠᠬᠢᠷᠭᠠᠨ ᠤ ᠠᠵᠢᠯ ᠢ ᠬᠠᠮᠢᠶᠠᠷᠤᠨ᠎ᠠ︔      ( ᠭᠤᠷᠪᠠ ) ᠨᠡᠶᠢᠭᠡᠮ ᠵᠢᠷᠤᠮ ᠤᠨ ᠠᠷᠠᠳ ᠨᠡᠶᠢᠲᠡ ᠶᠢᠨ ᠥᠮᠴᠢᠯᠡᠯ ᠤᠨ ᠡᠳ᠋ ᠬᠥᠷᠥᠩᠭᠡ ᠪᠠ ᠬᠥᠳᠡᠯᠮᠦᠷᠢᠴᠢᠨ ᠲᠦᠮᠡᠨ ᠤ ᠬᠠᠮᠲᠤ ᠶᠢᠨ ᠥᠮᠴᠢᠯᠡᠯ ᠤᠨ ᠡᠳ᠋ ᠬᠥᠷᠥᠩᠭᠡ ᠶᠢ ᠬᠠᠮᠠᠭᠠᠯᠠᠵᠤ᠂ ᠠᠷᠠᠳ ᠢᠷᠭᠡᠨ ᠤ ᠬᠤᠪᠢ ᠶᠢᠨ ᠥᠮᠴᠢᠯᠡᠯ ᠤᠨ ᠬᠠᠤᠯᠢ ᠶᠣᠰᠣᠨ ᠤ ᠡᠳ᠋ ᠬᠥᠷᠥᠩᠭᠡ ᠶᠢ ᠬᠠᠮᠠᠭᠠᠯᠠᠵᠤ᠂ ᠨᠡᠶᠢᠭᠡᠮ ᠤᠨ ᠡᠮᠬᠢ ᠵᠢᠷᠤᠮ ᠢ ᠬᠠᠮᠠᠭᠠᠯᠠᠨ᠂ ᠠᠷᠠᠳ ᠢᠷᠭᠡᠨ ᠤ ᠪᠡᠶ᠎ᠡ ᠶᠢᠨ ᠡᠷᠬᠡ᠂ ᠠᠷᠠᠳᠴᠢᠯᠠᠯ ᠤᠨ ᠡᠷᠬᠡ ᠪᠠ ᠪᠤᠰᠤᠳ ᠡᠷᠬᠡ ᠶᠢ ᠪᠠᠲᠤᠯᠠᠨ᠎ᠠ︔      ( ᠳᠥᠷᠪᠡ ) ᠡᠯ᠎ᠡ ᠵᠦᠢᠯ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔      (  ᠲᠠᠪᠤ  ) ᠨᠠᠮ ᠪᠠ ᠤᠯᠤᠰ ᠤᠨ ᠦᠨᠳᠦᠰᠦᠲᠡᠨ ᠪᠠ ᠱᠠᠰᠢᠨ ᠰᠤᠷᠲᠠᠬᠤᠨ ᠤ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠢ ᠪᠠᠲᠤᠯᠠᠵᠤ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠵᠦ᠂ ᠦᠨᠳᠦᠰᠦᠲᠡᠨ ᠤ ᠱᠠᠰᠢᠨ ᠰᠢᠲᠦᠯᠭᠡ ᠶᠢ ᠬᠦᠨᠳᠦᠳᠬᠡᠨ᠎ᠡ︔      ( ᠵᠢᠷᠭᠤᠭ᠎ᠠ ) ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠡᠮᠡᠭᠲᠡᠶᠢᠴᠦᠳ ᠲᠤ ᠣᠯᠭᠤᠭᠰᠠᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ᠂ ᠤᠷᠤᠬ ᠤᠨ ᠶᠠᠪᠤᠳᠠᠯ ᠤᠨ ᠡᠷᠬᠡ ᠴᠢᠯᠦᠭᠡ ᠲᠠᠢ ᠪᠠᠶᠢᠬᠤ ᠵᠡᠷᠭᠡ ᠡᠯ᠎ᠡ ᠵᠦᠢᠯ ᠤᠨ ᠡᠷᠬᠡ ᠶᠢ ᠪᠠᠲᠤᠯᠠᠨ᠎ᠠ︔      ( ᠳᠣᠯᠤᠭ᠎ᠠ ) ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯ ᠢ ᠭᠦᠢᠴᠡᠳᠬᠡᠨ᠎ᠡ᠃      ᠬᠤᠶᠠᠷ᠂ ᠰᠠᠯᠠᠭ᠎ᠠ ᠲᠠᠰᠤᠭ ᠤᠨ ᠪᠠᠶᠢᠷᠢᠯᠠᠭᠤᠯᠤᠯᠲᠠ ᠶᠢᠨ ᠪᠠᠶᠢᠳᠠᠯ      ᠣᠳᠣᠬᠠᠨ ᠳᠤ ᠵᠠᠰᠠᠭ ᠵᠠᠬᠢᠷᠭᠠᠨ ᠤ ᠣᠷᠣᠨ ᠲᠣᠭᠠᠨ ᠤ ᠠᠵᠢᠯᠲᠠᠨ 26 ᠬᠥᠮᠥᠨ᠂ ᠠᠵᠢᠯ ᠦᠢᠯᠡᠰ ᠤᠨ ᠣᠷᠣᠨ ᠲᠣᠭᠠᠨ ᠤ ᠠᠵᠢᠯᠲᠠᠨ 18 ᠬᠥᠮᠥᠨ᠂ ᠠᠷᠪᠠᠨ ᠲᠣᠰᠬᠤᠨ ᠤ ᠠᠷᠠᠳ ᠤᠨ ᠵᠥᠪᠯᠡᠯ ᠤᠨ ᠪᠦᠷᠢᠯᠳᠦᠭᠦᠨ 49 ᠬᠥᠮᠥᠨ᠂ ᠡᠭᠦᠨ ᠤ ᠳᠣᠲᠣᠷ᠎ᠠ ᠰᠣᠩᠭᠤᠨ ᠤᠷᠢᠭᠰᠠᠨ ᠣᠶᠤᠲᠠᠨ 10 ᠬᠥᠮᠥᠨ᠃ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠳᠣᠣᠷᠠᠬᠢ ᠮᠡᠲᠦ 5 ᠪᠠᠶᠢᠭᠤᠯᠤᠮᠵᠢ ᠶᠢ ᠲᠣᠬᠢᠷᠠᠭᠤᠯᠤᠨ᠎ᠠ᠄      ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠄ ᠭᠤᠣᠯᠳᠠᠭᠤ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠵᠣᠬᠢᠴᠠᠭᠤᠯᠭ᠎ᠠ᠂ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ᠂ ᠵᠠᠰᠠᠭ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠨᠠᠷᠢᠨ ᠪᠢᠴᠢᠭᠡᠴᠢ᠂ ᠨᠢᠭᠤᠴᠠ ᠴᠢᠬᠤᠯᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ᠂ ᠬᠤᠷᠠᠯ ᠤᠨ ᠶᠠᠪᠤᠳᠠᠯ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠬᠠᠷᠢᠭᠤᠴᠠᠨ᠎ᠠ︔ ᠨᠠᠮ ᠤᠨ ᠪᠠᠶᠢᠭᠤᠯᠤᠯᠲᠠ᠂ ᠵᠣᠬᠢᠶᠠᠨ ᠪᠠᠶᠢᠭᠤᠯᠬᠤ᠂ ᠤᠬᠠᠭᠤᠯᠬᠤ᠂ ᠵᠡᠪᠰᠡᠭᠯᠡᠬᠦ᠂ ᠤᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ︔ ᠺᠠᠳ᠋ᠷ᠂ ᠴᠢᠳᠠᠪᠤᠷᠢᠲᠠᠨ᠂ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ ᠪᠠ ᠠᠬᠠᠮᠠᠳ ᠺᠠᠳ᠋ᠷ ᠤᠨ ᠠᠵᠢᠯ ᠢ ᠬᠠᠷᠢᠭᠤᠴᠠᠨ᠎ᠠ᠃      ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠄ ᠭᠤᠣᠯᠳᠠᠭᠤ ᠬᠥᠮᠥᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠨᠡᠶᠢᠭᠡᠮ ᠤᠨ ᠠᠪᠤᠷᠠᠨ ᠲᠤᠰᠠᠯᠠᠬᠤ᠂ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠄ ᠭᠤᠣᠯᠳᠠᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠬᠤ ᠶᠢ ᠬᠠᠷᠢᠭᠤᠴᠠᠨ᠎ᠠ︔ ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠬᠦ ᠶᠠᠪᠤᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ︔ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢ ᠡᠷᠭᠢᠯᠳᠦᠭᠦᠯᠬᠦ ᠶᠢ ᠬᠠᠷᠢᠭᠤᠴᠠᠨ᠎ᠠ︔ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢ ᠵᠢᠯᠣᠭᠤᠳᠤᠨ᠎ᠠ︔ ᠲᠠᠷᠢᠶᠠᠯᠠᠩ᠂ ᠲᠠᠷᠢᠶᠠᠯᠠᠩ ᠤᠨ ᠮᠠᠰᠢᠨ ᠤ ᠮᠡᠷᠭᠡᠵᠢᠯ ᠢ ᠳᠡᠯᠭᠡᠷᠡᠭᠦᠯᠬᠦ᠂ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠵᠦ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ︔ ᠬᠠᠷᠢᠶᠠᠲᠤ ᠣᠷᠣᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠬᠠᠷᠢᠭᠤᠴᠠᠨ᠎ᠠ︔ ᠠᠮᠢᠳᠠᠨ ᠤ ᠬᠢᠵᠢᠭ ᠢ ᠰᠡᠷᠭᠡᠶᠢᠯᠡᠬᠦ ᠪᠠ ᠬᠢᠵᠢᠭ ᠢ ᠪᠠᠶᠢᠴᠠᠭᠠᠬᠤ᠂ ᠠᠷᠠᠳ ᠢ ᠨᠡᠭᠦᠯᠭᠡᠨ ᠲᠥᠪᠬᠢᠨᠡᠭᠦᠯᠬᠦ᠂ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠦᠢᠯᠡᠰ ᠵᠡᠷᠭᠡ ᠠᠵᠢᠯ ᠢ ᠬᠠᠷᠢᠭᠤᠴᠠᠨ᠎ᠠ᠃      ᠨᠡᠶᠢᠭᠡᠮ ᠤᠨ ᠠᠮᠤᠷ ᠲᠦᠪᠰᠢᠨ ᠤ ᠠᠯᠪᠠᠨ ᠭᠡᠷ᠄ ᠭᠤᠣᠯᠳᠠᠭᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠠᠮᠤᠷ ᠲᠦᠪᠰᠢᠨ ᠤ ᠪᠠᠶᠢᠭᠤᠯᠤᠯᠲᠠ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠵᠤ᠂ ᠲᠣᠥᠷᠵᠢᠭᠤᠯᠤᠭᠰᠠᠨ ᠨᠡᠶᠢᠭᠡᠮ ᠤᠨ ᠵᠠᠰᠠᠯᠲᠠ ᠶᠢᠨ ᠦᠢᠯᠡᠴᠢᠯᠡᠭᠡᠨ ᠤ ᠠᠵᠢᠯ ᠢ ᠴᠢᠩᠭᠠᠳᠬᠠᠨ᠂ ᠢᠷᠭᠡᠨ ᠤ ᠬᠡᠷᠡᠭ ᠤᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠶᠢ ᠵᠢᠯᠣᠭᠤᠳᠤᠨ ᠵᠣᠬᠢᠴᠠᠭᠤᠯᠵᠤ᠂ ᠶᠡᠷᠦᠩᠬᠡᠶᠢᠯᠡᠨ ᠵᠠᠰᠠᠬᠤ ᠠᠵᠢᠯ ᠤᠨ ᠲᠠᠪᠴᠠᠩ ᠢ ᠬᠠᠮᠢᠶᠠᠷᠤᠨ ᠵᠣᠬᠢᠴᠠᠭᠤᠯᠤᠨ᠎ᠠ᠃      ᠡᠳ᠋ ᠤᠨ ᠵᠠᠰᠠᠭ ᠤᠨ ᠭᠠᠵᠠᠷ᠄ ᠭᠤᠣᠯᠳᠠᠭᠤ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠪᠠ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠵᠢᠯᠣᠭᠤᠳᠤᠯᠭ᠎ᠠ᠂ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠣᠯᠠᠨ ᠨᠡᠶᠢᠲᠡ ᠶᠢᠨ ᠡᠳ᠋ ᠬᠥᠷᠥᠩᠭᠡ ᠪᠠ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠪᠦᠷᠢᠳᠬᠡᠬᠦ ᠵᠡᠷᠭᠡ ᠠᠵᠢᠯ ᠢ ᠬᠠᠷᠢᠭᠤᠴᠠᠨ᠎ᠠ︔ ᠠᠵᠤ ᠠᠬᠤᠢ ᠶᠢᠨ ᠬᠥᠭᠵᠢᠯᠲᠡ ᠲᠠᠢ ᠬᠤᠯᠪᠣᠭᠳᠠᠬᠤ ᠪᠤᠰᠤᠳ ᠠᠵᠢᠯ ᠢ ᠵᠣᠬᠢᠴᠠᠭᠤᠯᠤᠨ᠎ᠠ︔ ᠡᠳ᠋ ᠤᠨ ᠵᠠᠰᠠᠭ᠂ ᠬᠠᠮᠵᠢᠯᠴᠠᠭᠠᠨ ᠤ ᠭᠠᠶᠢᠯᠢ᠂ ᠬᠢᠨᠠᠨ ᠪᠣᠳᠣᠯᠲᠠ ᠵᠢᠴᠢ ᠲᠣᠰᠬᠤᠨ ᠤ ᠱᠠᠲᠤᠨ ᠤ ᠳᠠᠩᠰᠠ ᠬᠠᠷ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃      ᠭᠤᠷᠪᠠ᠂ ᠠᠵᠢᠯᠯᠠᠬᠤ ᠬᠠᠶ᠋ᠢᠭ᠄ ᠬᠥᠬᠡᠬᠤᠲᠠ ᠶᠢᠨ ᠦᠴᠦᠸᠠᠨ ᠰᠢᠶᠠᠨ ᠤ ᠬᠠᠷ᠎ᠠ ᠬᠤᠰᠢᠭᠤ ᠰᠢᠶᠠᠩ ᠤᠨ ᠠᠷᠠᠳ ᠤᠨ ᠵᠠᠰᠠᠭ ᠤᠨ ᠣᠷᠳᠣᠨ      ᠳᠥᠷᠪᠡ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30 - 12᠄ 00 14᠄ 30 - 17᠄ 30      ᠲᠠᠪᠤ᠂ ᠤᠲᠠᠰᠤ᠄ 0471 ︱ 8868521      ᠵᠢᠷᠭᠤᠭ᠎ᠠ᠂ ᠬᠠᠷᠢᠭᠤᠴᠠᠯᠭᠠᠲᠠᠨ᠄ ᠵᠠᠩ ᠵᠢᠶᠠᠨ ᠯᠢᠨ᠂ ᠸᠠᠩ ᠶᠦᠩ ᠬᠤᠩ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号