9 ᠰᠠᠷ᠎ᠠ ᠳᠤ᠂ ᠡᠳᠡᠭᠡᠷ ᠰᠢᠨ᠎ᠡ ᠲᠣᠭᠲᠠᠭᠠᠯ ᠨᠢ ᠲᠠ ᠪᠢᠳᠡᠨ ᠤ ᠠᠮᠢᠳᠤᠷᠠᠯ ᠢ ᠨᠥᠯᠥᠭᠡᠯᠡᠬᠦ ᠪᠣᠯᠤᠨ᠎ᠠ
ᠨᠡᠶᠢᠲᠡᠯᠡᠭᠰᠡᠨ ᠴᠠᠭ᠄
2023/9/1
     ᠪᠥᠬᠦ ᠤᠯᠤᠰ ᠤᠨ ᠴᠢᠨᠠᠷᠲᠠᠶ ᠬᠠᠤᠯᠢ  ᠴᠠᠭᠠᠵᠠ᠂  ᠬᠠᠤᠯᠢ  ᠲᠣᠭᠲᠠᠭᠠᠯ ᠤᠨ  ᠤᠯᠤᠰ ᠤᠨ  ᠰᠢᠨ᠎ᠡ  ᠪᠠᠷᠢᠮᠵᠢᠶ᠎ᠠ ᠶᠢ ᠨᠡᠶᠢᠲᠡᠯᠡᠪᠡ︕ ᠴᠠᠢ᠂ ᠠᠷᠢᠬᠢᠨ ᠤ ᠵᠦᠢᠯ᠂ ᠭᠤᠶᠤᠯᠠᠯ ᠤᠨ ᠡᠳ᠋ ᠵᠡᠷᠭᠡ ᠶᠢᠨ ᠪᠤᠭᠤᠳᠠᠯ ᠪᠠᠭᠯᠠᠭ᠎ᠠ ᠶᠢ ᠲᠦᠭᠦᠮᠭᠡᠨ ᠪᠤᠯᠭᠠᠨ᠎ᠠ                ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠰᠢᠨ᠎ᠡ ᠪᠠᠷ  ᠵᠠᠰᠠᠪᠤᠷᠢ ᠣᠷᠣᠭᠤᠯᠵᠤ ᠨᠡᠶᠢᠲᠡᠯᠡᠭᠰᠡᠨ ︽ᠲᠠᠸᠠᠷ ᠢ ᠬᠡᠲᠦ ᠪᠤᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠤᠬᠠᠢ ᠱᠠᠭᠠᠷᠳᠠᠯᠭ᠎ᠠ ᠢᠳᠡᠭᠡᠨ ᠪᠠ ᠭᠤᠶᠣᠯᠠᠯ ᠤᠨ ᠡᠳ᠋︾ ︵GB 23350 —  2021︶ ᠤᠨ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ 2023 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃              ᠨᠠᠰᠤᠲᠠᠶᠢᠴᠤᠳ᠂  ᠵᠡᠮᠳᠡᠭᠴᠦᠳ ᠤᠨ ᠠᠰᠠᠷ ᠠᠪᠠᠷᠢᠬᠤ ᠳᠤ ᠬᠦᠴᠢᠷᠳᠡᠵᠦ ᠪᠠᠶᠢᠭ᠎ᠠ ᠵᠡᠷᠭᠡ ᠠᠰᠠᠭᠤᠳᠠᠯ ᠢ ᠰᠢᠢᠳᠪᠦᠷᠢᠯᠡᠬᠦ ᠪᠣᠯᠤᠮᠵᠢ ᠲᠠᠢ ᠪᠤᠯᠪᠠ              ᠡᠭᠦᠨ ᠠᠴᠠ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠳᠡᠭᠡᠷ᠎ᠡ ᠪᠠᠲᠤᠯᠠᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠥᠬᠡᠶ  ᠣᠷᠴᠢᠨ  ᠲᠣᠭᠤᠷᠢᠨ ᠢ  ᠪᠥᠲᠥᠭᠡᠨ ᠪᠠᠶᠢᠭᠤᠯᠬᠤ ᠬᠠᠤᠯᠢ︾ ᠶᠢ 2023 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃              ᠬᠠᠤᠯᠢ ᠴᠠᠭᠠᠵᠠ ᠶᠢᠨ ᠲᠤᠰᠠᠯᠠᠮᠵᠢ ᠨᠢ ᠨᠠᠩ ᠣᠯᠠᠨ ᠠᠷᠠᠳ ᠢᠷᠭᠡᠳ ᠲᠤ ᠠᠰᠢᠭ ᠬᠦᠷᠲᠡᠭᠡᠬᠦ ᠪᠤᠯᠤᠨ᠎ᠠ              ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠵᠢᠷᠤᠮ ᠤᠨ ᠲᠤᠬᠠᠶ ᠲᠣᠭᠲᠠᠭᠠᠯ︾ ᠢ 2023 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃              ᠳᠦᠷᠢᠮ ᠢ ᠲᠡᠭᠦᠯᠳᠡᠷᠵᠢᠭᠦᠯᠵᠦ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ   ᠶᠢ ᠨᠠᠩ ᠵᠢᠷᠤᠮᠵᠢᠭᠤᠨ ᠪᠤᠯᠭᠠᠨ᠎ᠠ              ᠡᠭᠦᠨ ᠠᠴᠠ ᠡᠮᠦᠨ᠎ᠡ᠂ ᠤᠯᠤᠰ ᠤᠨ ᠱᠠᠰᠢᠨ ᠰᠤᠷᠲᠠᠬᠤᠨ ᠤ ᠬᠡᠷᠡᠭ ᠡᠷᠭᠢᠯᠡᠬᠦ ᠲᠣᠪᠴᠢᠶ᠎ᠠ ᠶᠢᠨ ᠵᠠᠷᠯᠢᠭ 19 ᠳ᠋ᠤᠭᠡᠷ ᠲᠣᠭᠠᠲᠤ ᠳᠤ ︽ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ 2023 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠤᠢ᠃ ︽ᠠᠷᠭ᠎ᠠ︾ ᠨᠢ ᠨᠡᠶᠢᠲᠡ ᠠᠷᠪᠠᠨ ᠪᠦᠯᠦᠭ 76 ᠵᠦᠢᠯ ᠢᠶᠠᠷ ᠪᠦᠷᠢᠯᠳᠦᠵᠦ᠂  ᠱᠠᠰᠢᠨ  ᠰᠤᠷᠲᠠᠬᠤᠨ ᠤ   ᠠᠵᠢᠯᠯᠠᠭᠠᠨ ᠤ  ᠲᠠᠯᠠᠪᠤᠷ ᠤᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠪᠡ᠃              ᠭᠠᠳᠠᠭᠠᠳᠤ ᠳᠤ  ᠪᠠᠶᠢᠭ᠎ᠠ ᠠᠷᠠᠳ ᠢᠷᠭᠡᠨ ᠤ ᠦᠨᠳᠦᠰᠦᠨ ᠡᠷᠬᠡ ᠠᠰᠢᠭ ᠢ  ᠬᠠᠮᠠᠭᠠᠯᠠᠬᠤ  ᠲᠤᠰᠬᠠᠶ  ᠬᠠᠤᠯᠢ ᠲᠣᠭᠲᠠᠭᠠᠯᠲᠠ︕                ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭᠠᠨ ᠤ ᠲᠦᠷᠢᠮ︾ ᠢ 2023 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠤᠨ᠎ᠡ᠂ ᠡᠨᠡ ᠪᠣᠯ ᠮᠠᠨ ᠤ ᠤᠯᠤᠰ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭ᠎ᠠ ᠵᠢᠴᠢ ᠭᠠᠳᠠᠭᠠᠳᠤ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠪᠠ ᠪᠠᠶᠢᠭᠤᠯᠤᠮᠵᠢ ᠶᠢᠨ ᠠᠮᠤᠷ ᠲᠦᠪᠰᠢᠨ ᠳᠤ ᠴᠢᠭᠯᠡᠭᠦᠯᠦᠭᠰᠡᠨ ᠠᠩᠬᠠᠳᠠᠭᠴᠢ ᠲᠤᠰᠬᠠᠶ ᠬᠠᠤᠯᠢ ᠲᠣᠭᠲᠠᠭᠠᠯᠲᠠ ᠪᠣᠯᠤᠨ᠎ᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号