ᠳᠤᠮᠳᠠ ᠣᠷᠳᠣ ᠬᠤᠭᠤᠴᠠᠭᠠᠨ ᠤ ᠳᠣᠲᠣᠷ᠎ᠠ ᠮᠠᠨ ᠤ ᠤᠯᠤᠰ ᠤᠨ ᠨᠠᠰᠤᠵᠢᠯ ᠤᠨ ᠠᠵᠤ ᠦᠢᠯᠡᠰ ᠤᠨ ᠣᠯᠠᠨ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠲᠤᠯᠭᠠᠮ ᠪᠣᠯᠣᠨ᠎ᠠ
ᠨᠡᠶᠢᠲᠡᠯᠡᠭᠰᠡᠨ ᠴᠠᠭ᠄
2023/9/1
     ᠳᠤᠮᠳᠠᠳᠤ ᠤᠯᠤᠰ ᠤᠨ ᠨᠠᠰᠤᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ 29 ᠤ ᠡᠳᠦᠷ ᠪᠡᠭᠡᠵᠢᠩ ᠳᠤ ︽ᠳᠤᠮᠳᠠᠳᠤ ᠤᠯᠤᠰ ᠤᠨ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢᠨ ᠮᠡᠳᠡᠭᠦᠯᠦᠯᠲᠡ ︵2021 - 2022︶︾ ᠶᠢ ᠨᠡᠶᠢᠲᠡᠯᠡᠪᠡ᠃ ᠮᠡᠳᠡᠭᠦᠯᠦᠯᠲᠡ ᠳᠤ᠂ ᠬᠥᠮᠥᠨ ᠠᠮᠠ ᠶᠢᠨ ᠨᠠᠰᠤᠵᠢᠯᠲᠠ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ ᠳᠤᠮᠳᠠ ᠣᠷᠳᠣ ᠬᠤᠭᠤᠴᠠᠭᠠᠨ ᠤ ᠳᠣᠲᠣᠷ᠎ᠠ ᠮᠠᠨ ᠤ ᠤᠯᠤᠰ ᠤᠨ ᠨᠠᠰᠤᠵᠢᠯ ᠤᠨ ᠠᠵᠤ ᠦᠢᠯᠡᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠲᠠᠰᠤᠷᠠᠯᠲᠠ ᠦᠭᠡᠢ ᠲᠣᠪᠣᠶᠢᠮ᠎ᠠ ᠢᠯᠡᠷᠡᠵᠦ᠂ ᠨᠠᠰᠤᠵᠢᠯ ᠤᠨ ᠠᠵᠤ ᠦᠢᠯᠡᠰ ᠲᠤ ᠯᠤᠲᠤ ᠶᠡᠭᠡ ᠬᠡᠷᠡᠭᠯᠡᠭᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠠᠭᠤᠯᠤᠭᠳᠠᠵᠤ ᠪᠠᠶᠢᠨ᠎ᠠ ᠭᠡᠵᠦ ᠦᠵᠡᠪᠡ᠃      ᠮᠡᠳᠡᠭᠦᠯᠦᠯᠲᠡ ᠶᠢ ᠦᠨᠳᠦᠰᠦᠯᠡᠪᠡᠯ᠂ 2021 - 2035 ᠣᠨ ᠳᠤ᠂ ᠮᠠᠨ ᠤ ᠤᠯᠤᠰ ᠤᠨ ᠨᠠᠰᠤᠵᠢᠯ ᠤᠨ ᠠᠵᠤ ᠦᠢᠯᠡᠰ ᠨᠢ ᠣᠯᠠᠨ ᠲᠠᠯ᠎ᠠ ᠪᠠᠷ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠲᠠᠢ ᠪᠣᠯᠣᠨ᠎ᠠ᠂ ᠵᠢᠱᠢᠶᠡᠯᠡᠪᠡᠯ᠂ ᠨᠠᠰᠤᠵᠢᠯ ᠤᠨ ᠡᠷᠡᠭᠦᠯ ᠮᠡᠨᠳᠦ ᠶᠢᠨ ᠲᠠᠯ᠎ᠠ ᠪᠠᠷ ᠬᠢ ᠡᠷᠡᠭᠦᠯ ᠮᠡᠨᠳᠦ ᠶᠢᠨ ᠬᠠᠮᠢᠶᠠᠷᠤᠯᠲᠠ᠂ ᠤᠵᠢᠭ ᠡᠪᠡᠳᠴᠢᠨ ᠤ ᠬᠠᠮᠢᠶᠠᠷᠤᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ ᠠᠮᠤᠷ ᠲᠠᠶᠢᠪᠤᠩ ᠰᠤᠪᠢᠯᠠᠯᠲᠠ ᠵᠡᠷᠭᠡ᠂ ᠨᠠᠰᠤᠵᠢᠯ ᠤᠨ ᠬᠡᠷᠡᠭᠰᠡᠯ ᠬᠢᠭᠡᠳ ᠦᠢᠯᠡᠳᠬᠦ ᠲᠠᠯ᠎ᠠ ᠪᠠᠷ ᠬᠢ ᠨᠠᠰᠤᠲᠠᠶᠢᠴᠤᠳ ᠲᠤ ᠲᠣᠬᠢᠷᠠᠬᠤ ᠦᠢᠯᠡᠳᠬᠦᠨ᠂ ᠡᠷᠡᠭᠦᠯᠵᠢᠯ ᠤᠨ ᠲᠤᠰᠠᠯᠠᠮᠵᠢ ᠪᠠᠭᠠᠵᠢ ᠵᠡᠷᠭᠡ᠂ ᠨᠠᠰᠤᠵᠢᠯ ᠤᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠲᠠᠯ᠎ᠠ ᠪᠠᠷ ᠬᠢ ᠨᠠᠰᠤᠲᠠᠶᠢᠴᠤᠳ ᠲᠤ ᠲᠣᠬᠢᠷᠠᠬᠤ ᠥᠭᠡᠷᠡᠴᠢᠯᠡᠯᠲᠡ᠂ ᠨᠠᠰᠤᠲᠠᠶᠢᠴᠤᠳ ᠲᠤ ᠲᠣᠬᠢᠷᠠᠬᠤ ᠣᠷᠴᠢᠨ ᠲᠣᠭᠤᠷᠢᠨ ᠪᠠ ᠦᠢᠯᠡᠴᠢᠯᠡᠭᠡ ᠵᠡᠷᠭᠡ᠂ ᠨᠠᠰᠤᠵᠢᠯ ᠤᠨ ᠮᠥᠩᠭᠦᠨ ᠭᠦᠢᠯᠭᠡᠭᠡᠨ ᠤ ᠲᠠᠯ᠎ᠠ ᠪᠠᠷ ᠬᠢ ᠬᠤᠪᠢ ᠬᠥᠮᠥᠨ ᠤ ᠨᠠᠰᠤᠵᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠵᠢᠴᠢ ᠨᠠᠰᠤᠵᠢᠯ ᠤᠨ ᠠᠵᠤ ᠦᠢᠯᠡᠰ ᠤᠨ ᠮᠥᠩᠭᠦᠨ ᠭᠦᠢᠯᠭᠡᠭᠡᠨ ᠤ ᠳᠡᠮᠵᠢᠯᠭᠡ ᠵᠡᠷᠭᠡ᠃      2036 - 2050 ᠣᠨ ᠳᠤ᠂ ︽ᠳᠠᠯᠠᠭᠠᠳ ᠣᠨ ᠠᠴᠠ ᠰᠡᠭᠦᠯᠡᠷ ᠲᠥᠷᠥᠭᠰᠡᠨ︾᠂︽ᠨᠠᠶᠠᠭᠠᠳ ᠣᠨ ᠠᠴᠠ ᠰᠡᠭᠦᠯᠡᠷ ᠲᠥᠷᠥᠭᠰᠡᠨ︾ ᠬᠥᠮᠥᠰ ᠤᠨ ᠨᠠᠰᠤᠲᠠᠶᠢᠴᠤᠳ ᠤᠨ ᠡᠩᠨᠡᠭᠡᠨ ᠳᠤ ᠣᠷᠣᠬᠤ ᠶᠢ ᠳᠠᠭᠠᠯᠳᠤᠨ᠂ ᠮᠠᠨ ᠤ ᠤᠯᠤᠰ ᠤᠨ ᠨᠠᠰᠤᠵᠢᠯ ᠤᠨ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠨᠢ ᠬᠡᠷᠡᠭᠯᠡᠭᠡᠨ ᠤ ᠵᠠᠭᠪᠤᠷ᠂ ᠬᠡᠷᠡᠭᠴᠡᠭᠡᠨ ᠤ ᠲᠠᠰ ᠳᠠᠪᠬᠤᠷᠭ᠎ᠠ᠂ ᠬᠡᠷᠡᠭᠴᠡᠭᠡᠨ ᠤ ᠠᠭᠤᠯᠭ᠎ᠠ ᠵᠡᠷᠭᠡ ᠲᠠᠯ᠎ᠠ ᠪᠠᠷ ᠬᠤᠪᠢᠷᠠᠯᠲᠠ ᠭᠠᠷᠬᠤ ᠪᠣᠯᠣᠨ᠎ᠠ᠃ ᠵᠢᠱᠢᠶᠡᠯᠡᠪᠡᠯ᠂ ᠰᠦᠯᠵᠢᠶᠡᠨ ᠳᠡᠭᠡᠷᠡᠬᠢ ᠬᠡᠷᠡᠭᠯᠡᠭᠡᠨ ᠤ ᠵᠠᠭᠪᠤᠷ ᠨᠠᠩ ᠲᠦᠭᠡᠮᠡᠯᠵᠢᠵᠦ᠂ ᠣᠶᠤᠨ ᠤ ᠰᠣᠶᠣᠯ᠂ ᠨᠠᠰᠤᠨ ᠲᠤᠷᠰᠢᠲᠠ ᠶᠢᠨ ᠰᠤᠷᠤᠯᠴᠠᠯᠭ᠎ᠠ᠂ ᠦᠲᠡᠯᠦᠭᠡ ᠨᠠᠰᠤᠨ ᠳᠠᠭᠠᠨ ᠬᠢᠬᠦ ᠠᠵᠢᠯ ᠲᠠᠢ ᠪᠤᠯᠬᠤ ᠨᠢ ᠨᠠᠰᠤᠲᠠᠶᠢᠴᠤᠳ ᠤᠨ ᠬᠥᠭᠡᠭᠡᠴᠡᠯᠳᠦᠯ ᠤᠨ ᠴᠢᠬᠤᠯᠠ ᠠᠭᠤᠯᠭ᠎ᠠ ᠪᠣᠯᠵᠤ᠂ ᠣᠶᠤᠨᠴᠢ ᠪᠠᠷ ᠨᠠᠰᠤᠲᠠᠨ ᠢ ᠠᠰᠠᠷᠠᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠨᠠᠰᠤᠲᠠᠨ ᠢ ᠬᠠᠪᠰᠤᠷᠬᠤ ᠬᠡᠷᠡᠭᠴᠡᠭᠡ ᠱᠠᠭᠠᠷᠳᠠᠯᠭ᠎ᠠ ᠲᠣᠪᠣᠶᠢᠮ᠎ᠠ ᠪᠣᠯᠣᠨ᠎ᠠ᠃      ᠳᠤᠮᠳᠠᠳᠤ ᠤᠯᠤᠰ ᠤᠨ ᠨᠠᠰᠤᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ ᠤᠨ ᠨᠠᠰᠤᠵᠢᠯ ᠤᠨ ᠠᠵᠤ ᠦᠢᠯᠡᠰ ᠤᠨ ᠰᠤᠳᠤᠯᠭᠠᠨ ᠤ ᠲᠠᠰᠤᠭ ᠤᠨ ᠡᠷᠭᠢᠯᠡᠭᠴᠢ ᠸᠠᠩ ᠯᠢ ᠯᠢ᠂ ᠣᠶᠢᠷ᠎ᠠ ᠶᠢᠨ ᠵᠢᠯ ᠳᠤ᠂ ᠮᠠᠨ ᠤ ᠤᠯᠤᠰ ᠤᠨ ᠨᠠᠰᠤᠵᠢᠯ ᠤᠨ ᠠᠵᠤ ᠦᠢᠯᠡᠰ ᠲᠦᠷᠭᠡᠨ ᠬᠥᠭᠵᠢᠵᠦ᠂ ᠣᠳᠣᠬᠠᠨ ᠳᠤ ᠨᠠᠰᠤᠵᠢᠯ ᠤᠨ ᠮᠥᠩᠭᠦᠨ ᠭᠦᠢᠯᠭᠡᠭᠡᠨ ᠤ ᠠᠵᠤ ᠦᠢᠯᠡᠰ᠂ ᠨᠠᠰᠤᠵᠢᠯ ᠤᠨ ᠦᠢᠯᠡᠳᠬᠦ ᠠᠵᠤ ᠦᠢᠯᠡᠰ᠂ ᠨᠠᠰᠤᠵᠢᠯ ᠤᠨ ᠡᠷᠡᠭᠦᠯ ᠮᠡᠨᠳᠦ ᠶᠢᠨ ᠠᠵᠤ ᠦᠢᠯᠡᠰ᠂ ᠨᠠᠰᠤᠵᠢᠯ ᠤᠨ ᠦᠢᠯᠡᠴᠢᠯᠡᠭᠡᠨ ᠤ ᠠᠵᠤ ᠦᠢᠯᠡᠰ᠂ ᠨᠠᠰᠤᠵᠢᠯ ᠤᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠠᠵᠤ ᠦᠢᠯᠡᠰ᠂ ᠨᠠᠰᠤᠵᠢᠯ ᠤᠨ ᠰᠣᠶᠣᠯ ᠤᠨ ᠠᠵᠤ ᠦᠢᠯᠡᠰ ᠵᠡᠷᠭᠡ ᠭᠤᠣᠯ ᠪᠤᠯᠬᠤ ᠠᠵᠤ ᠦᠢᠯᠡᠰ ᠤᠨ ᠬᠦᠷᠢᠶ᠎ᠡ ᠶᠢ ᠨᠢᠭᠡᠨᠲᠡ ᠠᠩᠬ᠎ᠠ ᠠᠯᠬᠤᠮ ᠪᠦᠷᠢᠯᠳᠦᠭᠦᠯᠵᠦ᠂ ᠢᠷᠡᠭᠡᠳᠦᠢ ᠳᠤ ᠮᠥᠨ ᠬᠦ ᠮᠠᠰᠢ ᠶᠡᠭᠡ ᠬᠥᠭᠵᠢᠯᠲᠡ ᠶᠢᠨ ᠣᠷᠣᠨ ᠵᠠᠢ ᠲᠠᠢ ᠪᠠᠶᠢᠨ᠎ᠠ ᠭᠡᠵᠦ ᠦᠵᠡᠪᠡ᠃      ︽ᠨᠠᠰᠤᠵᠢᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠨᠢ ᠭᠦᠢᠴᠡᠳ ᠠᠵᠢᠯ ᠣᠯᠭᠤᠬᠤ᠂ ᠬᠡᠷᠡᠭᠯᠡᠭᠡ ᠶᠢ ᠥᠷᠭᠡᠳᠬᠡᠬᠦ ᠪᠠ ᠪᠡᠯᠡ ᠣᠷᠣᠭᠤᠯᠤᠯᠲᠠ ᠶᠢ ᠠᠬᠢᠭᠤᠯᠬᠤ ᠳᠤ ᠠᠰᠢᠭᠲᠠᠢ ᠶᠤᠮ ᠭᠡᠳᠡᠭ ᠢ ᠦᠢᠯᠡᠳᠦᠯᠭᠡ ᠭᠡᠷᠡᠴᠢᠯᠡᠪᠡ︾᠃ ᠳᠤᠮᠳᠠᠳᠤ ᠤᠯᠤᠰ ᠤᠨ ᠨᠠᠰᠤᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ ᠤᠨ ᠳᠡᠳ᠋ ᠡᠷᠭᠢᠯᠡᠭᠴᠢ ᠳ᠋ᠠᠩ ᠵᠢᠶᠦ᠋ᠨ᠂ ᠢᠷᠡᠭᠡᠳᠦᠢ ᠳᠤ ᠨᠠᠰᠤᠵᠢᠯ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠨᠠᠰᠤᠵᠢᠯ ᠤᠨ ᠦᠢᠯᠡᠳᠬᠦ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠨᠠᠰᠤᠵᠢᠯ ᠤᠨ ᠦᠢᠯᠡᠴᠢᠯᠡᠭᠡᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠭᠦ ᠵᠡᠷᠭᠡ ᠲᠠᠯ᠎ᠠ ᠪᠠᠷ ᠬᠦᠴᠦᠯᠡᠵᠦ᠂ ︽ᠣᠷᠳᠣ ᠨᠠᠰᠤᠯᠠᠬᠤ ᠴᠠᠭ ᠦᠶ᠎ᠡ︾ ᠳᠤ ᠰᠢᠨ᠎ᠡ ᠠᠵᠤ ᠠᠬᠤᠢ ᠶᠢᠨ ᠲᠤᠯᠭᠠᠭᠤᠷᠢᠯᠠᠯ ᠢ ᠬᠠᠩᠭᠠᠬᠤ ᠪᠣᠯᠣᠨ᠎ᠠ ᠭᠡᠵᠦ ᠦᠵᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号