ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
ᠨᠡᠶᠢᠲᠡᠯᠡᠭᠰᠡᠨ ᠴᠠᠭ᠄
2023/9/10
     ᠨᠢᠭᠡ᠂ ᠭᠤᠣᠯ ᠡᠭᠦᠷᠭᠡ ᠬᠠᠷᠢᠭᠤᠴᠠᠯᠭ᠎ᠠ            ︵ᠨᠢᠭᠡ︶ ᠰᠢᠶᠠᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠤᠭᠤᠳᠴᠤ᠂ ᠨᠢᠭᠡᠳᠦᠯᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶᠠᠵᠢᠯ ᠵᠢᠷᠤᠮᠵᠢᠯ ᠪᠣᠯᠣᠨ ᠢᠵᠢ ᠪᠦᠷᠢᠳᠦᠭᠦᠯᠬᠦ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠴᠤᠪᠤᠷᠠᠯ ᠢ ᠳᠠᠬᠢᠨ ᠦᠢᠯᠡᠳᠬᠦ᠂ ᠭᠤᠭᠴᠤᠭ᠎ᠠ ᠶᠢ ᠰᠢᠯᠢᠳᠡᠭᠵᠢᠭᠦᠯᠬᠦ᠂ ᠴᠠᠭ ᠤᠨ ᠬᠢᠵᠠᠭᠠᠷ ᠢ ᠪᠣᠭᠤᠨᠢᠰᠬᠠᠬᠤ ᠶᠢ ᠬᠠᠷᠢᠭᠤᠴᠠᠬᠤ ᠶᠢᠨ ᠬᠠᠮᠲᠤ ᠭᠦᠢᠴᠡᠳᠬᠡᠭᠰᠡᠨ ᠪᠠᠶᠢᠳᠠᠯ ᠢ ᠮᠥᠷᠳᠡᠵᠦ ᠰᠢᠮᠳᠠᠭᠤᠯᠤᠨ ᠰᠢᠢᠳᠪᠦᠷᠢᠯᠡᠨ᠎ᠡ᠃            ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠶᠢᠨ ᠳᠦᠷᠢᠮ ᠤᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠳᠤᠷᠠᠳᠤᠨ᠎ᠠ᠃ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠪᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃            ︵ᠭᠤᠷᠪᠠ︶ ᠰᠢᠶᠠᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦᠯᠢ ᠴᠣᠭᠴᠠ ᠪᠠᠷ ᠲᠦᠯᠬᠢᠨ ᠠᠬᠢᠭᠤᠯᠬᠤ ᠠᠵᠢᠯ ᠢ ᠬᠠᠷᠢᠭᠤᠴᠠᠬᠤ ᠶᠢᠨ ᠬᠠᠮᠲᠤ ᠬᠤᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ᠃ ᠪᠦᠬᠦ ᠰᠢᠶᠠᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠢ ᠲᠣᠬᠢᠷᠠᠭᠤᠯᠬᠤ᠂ ᠢᠯᠭᠠᠷᠠᠭᠤᠯᠬᠤ ᠪᠠ ᠨᠡᠶᠢᠲᠡᠯᠡᠬᠦ ᠠᠵᠢᠯ ᠢ ᠡᠭᠦᠷᠭᠡᠯᠡᠨ᠎ᠡ᠃      ︵ᠳᠥᠷᠪᠡ︶ ᠲᠣᠰ ᠰᠠᠯᠠᠭ᠎ᠠ ᠮᠥᠴᠢᠷ ᠲᠤ ᠲᠥᠪᠯᠡᠷᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠳᠠᠭᠠᠭᠠᠨ ᠭᠦᠢᠴᠡᠳᠬᠡᠬᠦ ᠶᠢ ᠬᠠᠷᠢᠭᠤᠴᠠᠵᠤ᠂ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠪᠠᠨ ᠬᠠᠤᠯᠢ ᠲᠣᠭᠲᠠᠭᠠᠯ ᠶᠣᠰᠣᠭᠠᠷ ᠭᠦᠢᠴᠡᠳᠬᠡᠬᠦ ᠶᠢᠨ ᠬᠠᠮᠲᠤ ᠬᠠᠷᠠᠭᠠᠯᠵᠠᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠬᠢᠨᠠᠨ ᠵᠥᠪᠰᠢᠶᠡᠷᠡᠬᠦ ᠵᠦᠢᠯᠡᠰ ᠢ ᠲᠤᠬᠠᠢ ᠶᠢᠨ ᠭᠠᠵᠠᠷ ᠲᠤ ᠨᠢ ᠬᠠᠶᠢᠨ ᠰᠢᠯᠭᠠᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠠᠢ ᠬᠤᠯᠪᠣᠭᠳᠠᠬᠤ ᠬᠢᠨᠠᠨ ᠲᠣᠭᠲᠠᠭᠠᠬᠤ᠂ ᠨᠤᠲᠠᠯᠠᠯᠲᠠ ᠬᠢᠬᠦ ᠪᠠ ᠭᠡᠷᠡᠴᠢᠯᠡᠭᠡ ᠰᠣᠨᠣᠰᠬᠤ ᠵᠡᠷᠭᠡ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠴᠢᠬᠤᠯᠠᠲᠠᠢ ᠵᠦᠢᠯᠡᠰ ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃          ︵ᠲᠠᠪᠤ︶ ᠰᠢᠶᠠᠨ ᠤ ᠲᠣᠰ ᠱᠠᠲᠤᠨ ᠤ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠲᠠᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠤᠴᠢᠷ ᠶᠠᠪᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠥᠷᠨᠢᠭᠦᠯᠬᠦ ᠶᠢ ᠬᠠᠷᠢᠭᠤᠴᠠᠨ᠎ᠠ᠃ ᠶᠡᠭᠡ ᠲᠠᠩᠬᠢᠮ ᠳᠤ ᠣᠷᠣᠵᠤ ᠰᠠᠭᠤᠭ᠎ᠠ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠵᠢᠷᠤᠮᠵᠢᠭᠤᠯᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠶᠡᠭᠡ ᠲᠠᠩᠬᠢᠮ ᠤᠨ ᠠᠵᠢᠯᠲᠠᠨ ᠢ ᠪᠣᠯᠪᠠᠰᠤᠷᠠᠭᠤᠯᠬᠤ᠂ ᠬᠠᠮᠢᠶᠠᠷᠬᠤ ᠪᠠ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃             ︵ᠵᠢᠷᠭᠤᠭ᠎ᠠ︶ ᠪᠦᠬᠦ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠡᠭᠦᠷᠭᠡᠯᠡᠨ᠎ᠡ᠃ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠦᠢᠯᠡᠴᠢᠯᠡᠬᠦ ᠶᠢ ᠬᠠᠷᠢᠭᠤᠴᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠬᠤ ᠶᠢ ᠲᠦᠯᠬᠢᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠲᠠᠪᠴᠠᠩ ᠤᠨ ᠪᠠᠶᠢᠭᠤᠯᠤᠯᠲᠠ᠂ ᠬᠠᠮᠢᠶᠠᠷᠤᠯᠲᠠ ᠪᠣᠯᠣᠨ ᠠᠵᠢᠯᠯᠠᠭᠠᠨ ᠢ ᠬᠠᠷᠢᠭᠤᠴᠠᠨ᠎ᠠ᠃      ︵ᠳᠣᠯᠤᠭ᠎ᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃             ︵ᠨᠠᠢᠮᠠ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ      ︵ᠨᠢᠭᠡ︶ ᠠᠯᠪᠠᠨ ᠭᠡᠷ      ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠲᠦᠯᠬᠢᠨ ᠠᠬᠢᠭᠤᠯᠬᠤ᠂ ᠴᠢᠬᠤᠯᠠ ᠪᠢᠴᠢᠭ ᠮᠠᠲ᠋ᠧᠷᠢᠶᠠᠯ᠂ ᠶᠡᠷᠦᠩᠬᠡᠶᠢᠯᠡᠭᠰᠡᠨ ᠴᠢᠨᠠᠷᠲᠠᠢ ᠮᠡᠳᠡᠭᠦᠯᠦᠯᠲᠡ ᠶᠢ ᠲᠤᠭᠤᠷᠪᠢᠬᠤ ᠠᠵᠢᠯ ᠢ ᠬᠠᠷᠢᠭᠤᠴᠠᠨ᠎ᠠ᠃ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠨᠢᠭᠤᠴᠠ ᠴᠢᠬᠤᠯᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ᠂ ᠠᠮᠤᠷ ᠲᠦᠪᠰᠢᠨ ᠵᠡᠷᠭᠡ ᠠᠵᠢᠯ ᠢ ᠬᠠᠷᠢᠭᠤᠴᠠᠨ᠎ᠠ︔ ᠳᠣᠲᠣᠭᠠᠳᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠵᠤ ᠲᠣᠭᠲᠠᠭᠠᠬᠤ ᠶᠢ ᠬᠠᠷᠢᠭᠤᠴᠠᠨ᠎ᠠ︔ ᠵᠠᠰᠠᠭ ᠤᠨ ᠶᠠᠪᠤᠳᠠᠯ ᠢ ᠢᠯᠡ ᠪᠣᠯᠭᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠵᠣᠬᠢᠶᠠᠨ ᠪᠠᠶᠢᠭᠤᠯᠵᠤ ᠵᠣᠬᠢᠴᠠᠭᠤᠯᠬᠤ  ᠶᠢ ᠬᠠᠷᠢᠭᠤᠴᠠᠨ᠎ᠠ︔ ᠤᠯᠤᠰ ᠲᠦᠷᠦ ᠶᠢᠨ ᠠᠵᠢᠯ᠂ ᠡᠳ᠋ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ︔ ᠲᠣᠪᠴᠢᠶ᠎ᠠ ᠶᠢᠨ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠣᠨ ᠤ ᠬᠢᠨᠠᠨ ᠰᠢᠯᠭᠠᠯᠲᠠ ᠪᠠ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠵᠡᠷᠭᠡ ᠠᠵᠢᠯ ᠢ ᠬᠠᠷᠢᠭᠤᠴᠠᠨ᠎ᠠ︔ ᠮᠠᠨ ᠤ ᠰᠢᠶᠠᠨ ᠤ ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠬᠠᠷᠢᠭᠤᠴᠠᠨ᠎ᠠ︔ ᠰᠣᠨᠢᠨ ᠮᠡᠳᠡᠭᠡᠯᠡᠯ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ᠂ ᠨᠠᠮ ᠤᠨ ᠠᠵᠢᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ︔ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠨᠡᠶᠢᠭᠡᠮ ᠤᠨ ᠬᠤᠳᠠ ᠶᠢᠨ ᠬᠡᠪᠴᠢᠶᠡᠨ ᠤ ᠵᠠᠰᠠᠯᠲᠠ᠂ ᠠᠶᠤᠯᠭᠦᠢ ᠦᠢᠯᠡᠳᠪᠦᠷᠢᠯᠡᠯ᠂ ᠦᠨᠳᠦᠰᠦᠲᠡᠨ ᠤ ᠪᠦᠯᠬᠦᠮᠳᠡᠯ ᠵᠡᠷᠭᠡ ᠠᠵᠢᠯ ᠢ ᠬᠠᠷᠢᠭᠤᠴᠠᠨ᠎ᠠ︔ ᠬᠠᠤᠯᠢ ᠳᠦᠷᠢᠮ ᠤᠨ ᠤᠬᠠᠭᠤᠯᠭ᠎ᠠ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠰᠤᠷᠤᠯᠴᠠᠯᠭ᠎ᠠ ᠪᠠ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠠᠯᠪᠠᠨ ᠭᠡᠷ ᠤᠨ ᠬᠠᠮᠢᠶᠠᠷᠤᠯᠲᠠ ᠪᠠ ᠪᠠᠶᠢᠭᠤᠯᠭ᠎ᠠ ᠶᠢᠨ ᠡᠨᠧᠷᠭᠢ ᠶᠢᠨ ᠬᠤᠷᠣᠭᠳᠠᠯ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠬᠤᠶᠠᠷ︶ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠭᠥᠯᠢᠶᠡᠨ ᠠᠪᠴᠤ ᠰᠢᠢᠳᠪᠦᠷᠢᠯᠡᠬᠦ ᠲᠠᠰᠤᠭ      ᠲᠣᠪᠴᠢᠶ᠎ᠠ ᠶᠢᠨ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠠᠵᠢᠯ ᠢ ᠠᠬᠢᠭᠤᠯᠬᠤ ᠪᠠ ᠭᠦᠨᠵᠡᠭᠡᠶᠢᠷᠡᠭᠦᠯᠬᠦ ᠶᠢ ᠬᠠᠷᠢᠭᠤᠴᠠᠨ᠎ᠠ︔ ᠪᠦᠬᠦ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠢᠯᠤᠭᠤᠳᠬᠤ᠂ ᠵᠣᠬᠢᠴᠠᠭᠤᠯᠬᠤ᠂ ᠪᠣᠯᠪᠠᠰᠤᠷᠠᠭᠤᠯᠬᠤ ᠠᠵᠢᠯ ᠤᠨ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ︔ ᠬᠢᠨᠠᠨ ᠵᠥᠪᠰᠢᠶᠡᠷᠡᠬᠦ ᠵᠦᠢᠯᠡᠰ ᠤᠨ ᠴᠤᠪᠤᠷᠠᠯ ᠢ ᠳᠠᠬᠢᠨ ᠦᠢᠯᠡᠳᠬᠦ᠂ ᠭᠤᠭᠴᠤᠭ᠎ᠠ ᠶᠢ ᠰᠢᠯᠢᠳᠡᠭᠵᠢᠭᠦᠯᠬᠦ᠂ ᠴᠠᠭ ᠤᠨ ᠬᠢᠵᠠᠭᠠᠷ ᠢ ᠪᠣᠭᠤᠨᠢᠰᠬᠠᠬᠤ᠂ ᠮᠥᠷᠳᠡᠵᠦ ᠰᠢᠮᠳᠠᠭᠤᠯᠤᠨ ᠭᠦᠢᠴᠡᠳᠬᠡᠬᠦ᠂ ᠵᠦᠢᠯᠡᠰ ᠢ ᠭᠦᠢᠴᠡᠳᠬᠡᠬᠦ ᠶᠠᠪᠤᠴᠠ ᠶᠢᠨ ᠪᠠᠶᠢᠷᠢᠯᠠᠭᠤᠯᠤᠯᠲᠠ ᠳᠤ ᠣᠷᠣᠰᠢᠵᠤ ᠪᠠᠶᠢᠭ᠎ᠠ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ︔ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠨ᠎ᠠ︔ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃      ︵ᠭᠤᠷᠪᠠ︶ ᠶᠡᠷᠦᠩᠬᠡᠶᠢᠯᠡᠨ ᠬᠢᠨᠠᠨ ᠵᠥᠪᠰᠢᠶᠡᠷᠡᠬᠦ ᠨᠢᠭᠡᠳᠦᠭᠡᠷ ᠲᠠᠰᠤᠭ      ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠲᠥᠪᠯᠡᠷᠡᠭᠦᠯᠦᠨ ᠦᠢᠯᠡᠴᠢᠯᠡᠬᠦ︾ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ ᠠᠬᠢᠭᠤᠯᠤᠨ᠎ᠠ︔ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠶᠡᠷᠦᠩᠬᠡᠶᠢᠯᠡᠭᠰᠡᠨ ᠴᠣᠩᠬᠤᠨ ᠤ ᠬᠡᠰᠡᠭ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠦᠨᠡᠮᠯᠡᠯ ᠭᠠᠷᠭᠠᠬᠤ ᠵᠡᠷᠭᠡ ᠠᠵᠢᠯ ᠢ ᠬᠠᠷᠢᠭᠤᠴᠠᠨ᠎ᠠ᠃ ︽ᠨᠢᠭᠡ ᠴᠣᠩᠬᠤ︾ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠥᠪᠥᠷ ᠮᠣᠩᠭᠤᠯ ᠤᠨ ᠨᠢᠭᠡ ᠴᠣᠭᠴᠠᠵᠢᠭᠤᠯᠬᠤ ᠲᠠᠪᠴᠠᠩ ᠤᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠤᠨ ᠠᠷᠤ ᠲᠠᠯ᠎ᠠ ᠶᠢᠨ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠣᠩᠬᠤᠨ ᠤ ᠲᠠᠩᠰᠠ ᠡᠪᠬᠡᠮᠡᠯ ᠢ ᠡᠮᠬᠢᠯᠡᠬᠦ᠂ ᠬᠠᠮᠢᠶᠠᠷᠬᠤ᠂ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠳᠦᠷᠢᠮ ᠢ ᠲᠣᠭᠲᠠᠭᠠᠬᠤ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠣᠩᠬᠤᠨ ᠤ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ ᠤ ᠡᠳᠦᠷ ᠲᠤᠲᠤᠮ ᠤᠨ ᠬᠠᠮᠢᠶᠠᠷᠤᠯᠲᠠ᠂ ᠪᠣᠯᠪᠠᠰᠤᠷᠠᠭᠤᠯᠤᠯ᠂ ᠠᠵᠢᠯ ᠳᠤ ᠭᠠᠷᠬᠤ ᠶᠢ ᠰᠢᠯᠭᠠᠬᠤ ᠵᠡᠷᠭᠡ ᠠᠵᠢᠯ ᠢ ᠬᠠᠷᠢᠭᠤᠴᠠᠨ᠎ᠠ᠃      ︵ᠳᠥᠷᠪᠡ︶ ᠶᠡᠷᠦᠩᠬᠡᠶᠢᠯᠡᠨ ᠬᠢᠨᠠᠨ ᠵᠥᠪᠰᠢᠶᠡᠷᠡᠬᠦ ᠬᠤᠶᠠᠳᠤᠭᠠᠷ ᠲᠠᠰᠤᠭ ︵ᠠᠵᠤ ᠦᠢᠯᠡᠳᠪᠦᠷᠢ ᠶᠢᠨ ᠥᠭᠡᠷᠡᠴᠢᠯᠡᠯᠲᠡ︶      ᠡᠯ᠎ᠡ ᠲᠥᠷᠥᠯ ᠤᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠤᠪᠤᠷᠠᠯ ᠢ ᠰᠢᠨᠵᠢᠯᠡᠬᠦ ᠤᠬᠠᠭᠠᠨᠴᠢ ᠪᠠᠷ ᠳᠠᠬᠢᠨ ᠪᠠᠶᠢᠭᠤᠯᠬᠤ ᠶᠢ ᠬᠠᠷᠢᠭᠤᠴᠠᠵᠤ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠪᠠᠭᠠᠰᠬᠠᠨ᠂ ᠬᠢᠨᠠᠨ ᠵᠥᠪᠰᠢᠶᠡᠷᠡᠬᠦ ᠮᠠᠲ᠋ᠧᠷᠢᠶᠠᠯ ᠢ ᠴᠣᠮᠬᠠᠳᠬᠠᠵᠤ᠂ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯ ᠢ ᠵᠣᠬᠢᠴᠠᠭᠤᠯᠬᠤ᠂ ᠠᠬᠢᠭᠤᠯᠬᠤ ᠵᠡᠷᠭᠡ ᠠᠵᠢᠯ ᠢ ᠬᠠᠷᠢᠭᠤᠴᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠵᠢᠴᠢ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠭᠤᠣᠯᠳᠠᠯᠭ᠎ᠠ ᠲᠠᠢ ᠲᠥᠷᠥᠯ ᠵᠦᠢᠯ ᠤᠨ ᠮᠥᠷᠳᠡᠨ ᠦᠢᠯᠡᠴᠢᠯᠡᠬᠦ ᠠᠯᠪᠠᠨ ᠭᠡᠷ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠠᠶᠢᠨ ᠰᠢᠯᠭᠠᠬᠤ ᠭᠤᠭᠴᠤᠭ᠎ᠠ ᠶᠢᠨ ᠪᠥᠬᠦ ᠶᠠᠪᠤᠴᠠ ᠶᠢᠨ ᠲᠤᠬᠠᠢ ᠶᠢᠨ ᠲᠠᠯᠠᠪᠠᠶ ᠶᠢᠨ ᠬᠠᠶᠢᠨ ᠰᠢᠨᠵᠢᠬᠦ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ᠂ ᠴᠡᠭᠴᠡᠯᠡᠨ ᠰᠠᠶᠢᠵᠢᠷᠠᠭᠤᠯᠵᠤ ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠠᠵᠢᠯ ᠢ ᠳᠠᠭᠠᠭᠠᠨ ᠭᠦᠢᠴᠡᠳᠬᠡᠬᠦ ᠶᠢ ᠬᠠᠷᠢᠭᠤᠴᠠᠨ᠎ᠠ᠃      ︵ᠲᠠᠪᠤ︶ ᠲᠣᠣᠷ ᠰᠦᠯᠵᠢᠶᠡᠨ ᠤ ᠪᠠᠶᠢᠭᠤᠯᠤᠯᠲᠠ ᠪᠠ ᠬᠠᠶᠢᠨ ᠰᠢᠯᠭᠠᠬᠤ ᠲᠠᠰᠤᠭ      ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠲᠠᠪᠴᠠᠩ ᠤᠨ ᠪᠠᠶᠢᠭᠤᠯᠤᠯᠲᠠ᠂ ᠬᠠᠮᠢᠶᠠᠷᠤᠯᠲᠠ ᠪᠠ ᠠᠵᠢᠯᠯᠠᠭᠠᠨ ᠢ ᠬᠠᠷᠢᠭᠤᠴᠠᠨ᠎ᠠ︔ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠰᠢᠰᠲ᠋ᠧᠮ ᠤᠨ ᠪᠠᠶᠢᠭᠤᠯᠤᠯᠲᠠ ᠵᠢᠴᠢ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠯᠦᠭᠡ ᠬᠠᠷᠢᠯᠴᠠᠨ ᠬᠠᠮᠵᠢᠯᠴᠠᠨ ᠬᠡᠷᠡᠭᠯᠡᠬᠦ ᠶᠢ ᠬᠠᠷᠢᠭᠤᠴᠠᠨ᠎ᠠ︔ ᠲᠣᠪᠴᠢᠶ᠎ᠠ ᠶᠢᠨ ᠪᠠᠶᠢᠭᠤᠯᠭ᠎ᠠ ᠶᠢᠨ ᠰᠦᠯᠵᠢᠶᠡᠨ ᠤ ᠪᠠᠶᠢᠭᠤᠯᠤᠯᠲᠠ᠂ ᠠᠵᠢᠯᠯᠠᠭ᠎ᠠ᠂ ᠬᠠᠮᠠᠭᠠᠯᠠᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠨᠡᠶᠢᠭᠡᠮ ᠤᠨ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠠᠶᠢᠨ ᠰᠢᠯᠭᠠᠬᠤ ᠭᠤᠭᠴᠤᠭ᠎ᠠ ᠶᠢᠨ ᠪᠥᠬᠦ ᠶᠠᠪᠤᠴᠠ ᠶᠢᠨ ᠲᠤᠬᠠᠢ ᠶᠢᠨ ᠲᠠᠯᠠᠪᠤᠷ ᠲᠤ ᠬᠠᠶᠢᠨ ᠰᠢᠨᠵᠢᠬᠦ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ᠂ ᠴᠡᠭᠴᠡᠯᠡᠨ ᠰᠠᠶᠢᠵᠢᠷᠠᠭᠤᠯᠵᠤ ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠠᠵᠢᠯ ᠢ ᠳᠠᠭᠠᠭᠠᠨ ᠭᠦᠢᠴᠡᠳᠬᠡᠬᠦ ᠶᠢ ᠬᠠᠷᠢᠭᠤᠴᠠᠨ᠎ᠠ᠃ ᠬᠠᠶᠢᠨ ᠰᠢᠯᠭᠠᠭᠰᠠᠨ ᠪᠢᠴᠢᠭ ᠬᠠᠷ᠎ᠠ ᠲᠠᠩᠰᠠ ᠡᠪᠬᠡᠮᠡᠯ ᠤᠨ ᠬᠠᠮᠢᠶᠠᠷᠤᠯᠲᠠ ᠵᠢᠴᠢ ᠲᠤᠬᠠᠢ ᠶᠢᠨ ᠲᠠᠯᠠᠪᠠᠶ ᠶᠢᠨ ᠵᠢᠷᠤᠭ ᠳᠦᠷᠰᠦ᠂ ᠭᠠᠷ ᠤᠨ ᠥᠰᠥᠭ ᠵᠢᠷᠤᠭᠰᠠᠨ ᠪᠢᠴᠢᠭ ᠬᠠᠷ᠎ᠠ ᠵᠡᠷᠭᠡ ᠶᠢ ᠬᠠᠶᠢᠨ ᠰᠢᠯᠭᠠᠬᠤ ᠶᠢ ᠬᠠᠷᠢᠭᠤᠴᠠᠨ᠎ᠠ᠃ ᠥᠪᠡᠷᠲᠡᠭᠡᠨ ᠬᠠᠶᠢᠨ ᠰᠢᠯᠭᠠᠬᠤ᠂ ᠬᠠᠮᠲᠤᠷᠠᠨ ᠬᠠᠶᠢᠨ ᠰᠢᠯᠭᠠᠬᠤ ᠵᠢᠴᠢ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠠᠶᠢᠨ ᠰᠢᠯᠭᠠᠵᠤ ᠬᠢᠨᠠᠨ ᠲᠣᠭᠲᠠᠭᠠᠬᠤ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠬᠠᠷᠢᠭᠤᠴᠠᠨ᠎ᠠ᠃ ᠬᠠᠶᠢᠨ ᠰᠢᠯᠭᠠᠬᠤ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠬᠢᠭᠡᠳ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠬᠤ ᠶᠢ ᠬᠠᠷᠢᠭᠤᠴᠠᠨ᠎ᠠ᠃ ᠬᠠᠶᠢᠨ ᠰᠢᠯᠭᠠᠬᠤ᠂ ᠬᠢᠨᠠᠨ ᠲᠣᠭᠲᠠᠭᠠᠬᠤ ᠰᠠᠨᠠᠯ ᠳᠤᠷᠠᠳᠬᠤ ᠶᠢ ᠬᠠᠷᠢᠭᠤᠴᠠᠨ᠎ᠠ᠃      ︵ᠵᠢᠷᠭᠤᠭ᠎ᠠ︶ ᠠᠵᠢᠯᠴᠢᠨ ᠤ ᠡᠪᠯᠡᠯ      ︵ᠨᠢᠭᠡ︶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠡᠭᠦᠷ ᠢ ᠬᠠᠪᠰᠤᠷᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠵᠤ᠂ ᠬᠥᠮᠥᠨ ᠢᠶᠠᠷ ᠦᠨᠳᠦᠰᠦ ᠪᠣᠯᠭᠠᠨ᠂ ᠤᠯᠠᠨ ᠵᠦᠢᠯ ᠤᠨ ᠬᠡᠯᠪᠡᠷᠢ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠠᠵᠢᠯᠲᠠᠨ ᠠᠵᠢᠯᠴᠢᠨ ᠤ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ︔       ︵ᠬᠤᠶᠠᠷ︶ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠵᠢᠯᠲᠠᠨ ᠠᠵᠢᠯᠴᠢᠨ ᠤ ᠪᠣᠳᠠᠰ ᠤᠨ ᠪᠠ ᠰᠣᠶᠣᠯ ᠤᠨ ᠠᠮᠢᠳᠤᠷᠠᠯ ᠢ ᠦᠨᠡᠨᠬᠦ  ᠬᠠᠷᠠᠭᠠᠯᠵᠠᠨ᠎ᠠ᠃ ᠪᠣᠳᠠᠲᠤ ᠪᠠᠶᠢᠳᠠᠯ ᠢ ᠦᠨᠳᠦᠰᠦᠯᠡᠨ᠂ ᠠᠵᠢᠯᠲᠠᠨ ᠠᠵᠢᠯᠴᠢᠨ ᠢ ᠴᠢᠳᠠᠬᠤ ᠶᠢᠨ ᠬᠢᠷᠢ ᠪᠠᠷ ᠬᠠᠪᠰᠤᠷᠴᠤ ᠠᠵᠢᠯ᠂ ᠠᠮᠢᠳᠤᠷᠠᠯ ᠤᠨ ᠲᠠᠯ᠎ᠠ ᠪᠠᠷ ᠬᠢ ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ︔      ︵ᠭᠤᠷᠪᠠ︶ ᠠᠵᠢᠯᠲᠠᠨ ᠠᠵᠢᠯᠴᠢᠨ ᠤ ᠠᠮᠢᠳᠤᠷᠠᠯ ᠤᠨ ᠠᠰᠠᠷᠠᠮᠵᠢ ᠶᠢ ᠪᠠᠲᠤᠯᠠᠵᠤ᠂ ᠡᠷᠡᠭᠦᠯ ᠴᠢᠭᠢᠷᠠᠭ ᠠᠴᠢ ᠲᠤᠰᠠ ᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠵᠢᠯᠲᠠᠨ ᠠᠵᠢᠯᠴᠢᠨ ᠤ ᠠᠮᠢᠳᠤᠷᠠᠯ ᠢ ᠰᠠᠶᠢᠵᠢᠷᠠᠭᠤᠯᠤᠨ᠂ ᠠᠵᠢᠯᠲᠠᠨ ᠠᠵᠢᠯᠴᠢᠨ ᠳᠤ ᠪᠣᠳᠠᠲᠠᠢ ᠠᠵᠢᠯ ᠬᠢᠵᠦ ᠥᠭᠬᠦ ᠪᠠᠷ ᠴᠢᠷᠮᠠᠶᠢᠨ᠎ᠠ︔      ︵ᠲᠤᠶᠢᠷᠪᠡ︶ ᠡᠳ᠋ ᠤᠨ ᠶᠠᠪᠤᠳᠠᠯ ᠤᠨ ᠲᠤᠶᠢᠷᠢᠮ ᠢ ᠴᠢᠩᠳᠠᠯᠠᠵᠤ᠂ ᠠᠵᠢᠯᠴᠢᠨ ᠤ ᠡᠪᠯᠡᠯ ᠤᠨ ᠵᠠᠷᠤᠳᠠᠯ ᠢ ᠰᠠᠶᠢᠲᠤᠷ ᠬᠤᠷᠢᠶᠠᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠨ᠎ᠡ︔      ︵ᠲᠠᠪᠤ︶ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠭᠤᠷᠪᠠ᠂ ᠠᠵᠢᠯᠲᠠᠨ ᠤ ᠣᠷᠣᠨ ᠲᠤᠭ᠎ᠠ ᠵᠢᠴᠢ ᠤᠳᠤᠷᠢᠳᠬᠤ ᠲᠤᠰᠢᠶᠠᠯ ᠤᠨ ᠲᠤᠭ᠎ᠠ᠄ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 9 ᠬᠥᠮᠥᠨ᠃      ᠳᠥᠷᠪᠡ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠶᠢᠩᠪᠢᠨ ᠵᠠᠮ ᠤᠨ ᠪᠠᠷᠠᠭᠤᠨ ᠬᠡᠰᠡᠭ ᠤᠨ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠲᠣᠰᠣ ᠨᠡᠮᠡᠬᠦ ᠥᠷᠲᠡᠭᠡ ᠶᠢᠨ ᠬᠤᠶᠢᠲᠤ ᠲᠠᠯ᠎ᠠ ᠳᠤ ᠪᠠᠶᠢᠭ᠎ᠠ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠲᠣᠮᠣ ᠠᠰᠠᠷ      ᠲᠠᠪᠤ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30 ︱ 12᠄ 00 14᠄ 30 ︱ 17᠄ 30      ᠵᠢᠷᠭᠤᠭ᠎ᠠ᠂ ᠬᠠᠷᠢᠯᠴᠠᠬᠤ ᠤᠲᠠᠰᠤ᠄ 0471-8829201      ᠲᠤᠯᠤᠭ᠎ᠠ᠂ ᠬᠠᠷᠢᠭᠤᠴᠠᠯᠭᠠᠲᠠᠨ᠄ ᠹᠧᠩ ᠸᠧᠢ ᠰᠢᠨ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号