︽ᠲᠠᠯ᠎ᠠ ᠨᠤᠲᠤᠭ ᠤᠨ ᠲᠦᠮᠡᠨ ᠭᠠᠵᠠᠷ ᠤᠨ ᠠᠶᠠᠯᠠᠯ︾ ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ ᠤᠨ ᠬᠥᠪᠡᠭᠡ ᠠᠶᠢᠯ ᠲᠣᠰᠬᠤᠨ ᠳᠤ ᠬᠥᠷᠪᠡ
ᠨᠡᠶᠢᠲᠡᠯᠡᠭᠰᠡᠨ ᠴᠠᠭ᠄
2023/9/11
     9 ᠰᠠᠷ᠎ᠠ ᠶᠢᠨ 6  ᠤ ᠡᠳᠦᠷ᠂ ︽ᠲᠠᠯ᠎ᠠ ᠨᠤᠲᠤᠭ ᠤᠨ ᠲᠦᠮᠡᠨ ᠭᠠᠵᠠᠷ ᠤᠨ ᠠᠶᠠᠯᠠᠯ︾ ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ ᠤᠨ ᠬᠥᠪᠡᠭᠡ ᠠᠶᠢᠯ ᠲᠣᠰᠬᠤᠨ ᠳᠤ ᠬᠦᠷᠴᠦ᠂ ᠡᠯ᠎ᠡ ᠵᠦᠢᠯ ᠤᠨ ᠭᠤᠶᠢᠳᠠ ᠰᠠᠶᠢᠬᠠᠨ ᠲᠣᠭᠯᠠᠯᠲᠠ ᠨᠢ ᠠᠳᠡᠬᠢ ᠲᠣᠰᠬᠤᠨ ᠤ ᠠᠷᠠᠳ ᠲᠤ ᠰᠣᠶᠣᠯ ᠤᠨ ᠲᠠᠩᠰᠤᠭ ᠬᠤᠭᠤᠯᠠ ᠶᠢ ᠡᠳ᠋ᠯᠡᠭᠦᠯᠵᠦ᠂ ᠥᠷᠭᠡᠨ ᠤᠯᠠᠨ ᠲᠦᠮᠡᠨ ᠤ ᠰᠣᠶᠣᠯ ᠤᠨ ︽ᠦᠳᠡ ᠶᠢᠨ ᠬᠤᠶᠢᠨᠠᠬᠢ ᠴᠠᠢ︾ ᠶᠢ ᠲᠡᠭᠦᠯᠳᠡᠷᠵᠢᠭᠦᠯᠦᠭᠰᠡᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠳᠠᠭᠤᠷᠢᠯᠢᠭ ᠤᠨ ᠤᠷᠠᠯᠢᠭᠴᠢᠳ ᠤᠨ ᠨᠡᠶᠢᠭᠡᠮᠯᠢᠭ᠂ ᠢᠦᠢ ᠴᠢᠤᠸᠠᠨ ᠲᠣᠭᠤᠷᠢᠭ ᠤᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠭᠤᠸᠠᠩ ᠸᠧᠨ ᠰᠣᠶᠣᠯ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠭᠤᠣᠯᠯᠠᠨ ᠡᠷᠭᠢᠯᠡᠵᠦ᠂ ᠢᠦᠢ ᠴᠢᠤᠸᠠᠨ ᠲᠣᠭᠤᠷᠢᠭ ᠤᠨ ᠳᠠᠭᠤᠷᠢᠯᠢᠭ ᠤᠨ ᠤᠷᠠᠯᠢᠭᠴᠢᠳ ᠤᠨ ᠨᠡᠶᠢᠭᠡᠮᠯᠢᠭ᠂ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ᠂ ᠦᠴᠦᠸᠠᠨ ᠰᠢᠶᠠᠨ ᠤ ᠤᠯᠠᠭᠠᠨᠮᠥ᠋ᠴᠢᠷ ᠳᠠᠭᠠᠭᠠᠴᠢᠯᠠᠨ ᠡᠷᠭᠢᠯᠡᠪᠡ᠃
     ᠠᠵᠢᠯᠯᠠᠭ᠎ᠠ ᠨᠢ ᠭᠤᠶᠢᠳᠠ ᠰᠠᠶᠢᠬᠠᠨ ᠪᠥᠵᠢᠭ ᠤᠨ ᠲᠣᠭᠯᠠᠯᠲᠠ ᠳᠤᠮᠳᠠ ᠬᠥᠰᠢᠭᠡ ᠪᠠᠨ ᠰᠡᠬᠦᠵᠦ᠂ ᠴᠠᠷᠭᠢᠯ ᠬᠤᠯᠪᠣᠭ᠎ᠠ᠂ ᠳᠠᠭᠤᠤ᠂ ᠮᠣᠷᠢᠨ ᠬᠤᠭᠤᠷ ᠤᠨ ᠲᠣᠭᠯᠠᠯᠲᠠ᠂ ᠱᠤᠭ ᠶᠠᠷᠢᠶ᠎ᠠ᠂ ᠬᠤᠶᠠᠷ ᠤᠲᠠᠰᠤᠲᠤ ᠬᠤᠭᠤᠷ ᠤᠨ ᠲᠣᠭᠯᠠᠯᠲᠠ ᠵᠡᠷᠭᠡ ᠣᠯᠠᠨ ᠥᠩᠭᠡ ᠶᠢᠨ ᠲᠣᠭᠯᠠᠯᠲᠠ ᠵᠠᠯᠭᠠᠭ᠎ᠠ ᠪᠠᠷ ᠢᠯᠡᠷᠡᠪᠡ᠃ ᠢᠷᠠᠭᠤ ᠴᠡᠭᠡᠯᠬᠡᠨ ᠮᠣᠷᠢᠨ ᠬᠤᠭᠤᠷ ᠤᠨ ᠠᠶᠠᠯᠭᠤ᠂ ᠢᠷᠠᠭᠤ ᠰᠠᠶᠢᠬᠠᠨ ᠳᠠᠭᠤᠤ᠂ ᠰᠣᠨᠢᠷᠬᠠᠯᠲᠠᠢ ᠱᠤᠭ ᠶᠠᠷᠢᠶᠠᠨ ᠤ ᠲᠣᠭᠯᠠᠯᠲᠠ ᠁ ᠰᠢᠯᠢᠳᠡᠭ ᠲᠣᠭᠯᠠᠯᠲᠠ ᠨᠢ ᠲᠠᠶᠢᠰᠠᠨ ᠳᠣᠣᠷᠠᠬᠢ ᠦᠵᠡᠭᠴᠢᠳ ᠤᠨ ᠤᠷᠮ᠎ᠠ ᠪᠠᠬ᠎ᠠ ᠶᠢ ᠲᠠᠲᠠᠵᠤ᠂ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠳᠡ ᠦᠭᠡᠢ ᠳᠠᠭᠤᠷᠢᠰᠪᠠ᠃ ᠲᠤᠬᠠᠢ ᠶᠢᠨ ᠲᠠᠯᠠᠪᠠᠢ ᠳᠤ ᠬᠦᠷᠦᠯᠴᠡᠨ ᠢᠷᠡᠭᠰᠡᠨ ᠦᠵᠡᠭᠴᠢᠳ ᠪᠠᠶᠠᠷ ᠬᠦᠷ ᠲᠠᠢ ᠪᠠᠷ ᠰᠣᠨᠢᠷᠬᠠᠬᠤ ᠶᠢᠨ ᠳᠠᠭᠠᠤ ᠪᠠᠶᠢᠨ ᠪᠠᠶᠢᠨ ᠭᠠᠷ ᠤᠲᠠᠰᠤ ᠪᠠᠷ ᠢᠶᠠᠨ ᠭᠤᠶᠢᠳᠠ ᠰᠠᠶᠢᠬᠠᠨ ᠭᠱᠠᠨ ᠵᠠᠭᠤᠷ᠎ᠠ ᠶᠢ ᠲᠡᠮᠳᠡᠭᠯᠡᠵᠦ᠂ ᠵᠢᠵᠢᠭᠬᠡᠨ ᠲᠡᠭᠷᠢ ᠭᠠᠵᠠᠷ ᠲᠤ ᠵᠣᠯ ᠵᠢᠷᠭᠠᠯ ᠢᠶᠠᠷ ᠪᠢᠯᠬᠠᠨ᠎ᠠ᠃
     ᠰᠣᠶᠣᠯ ᠲᠦᠮᠡᠨ ᠡᠷᠦᠬᠡ ᠳᠤ ᠬᠦᠷᠴᠦ᠂ ᠲᠦᠮᠡᠨ ᠡᠷᠦᠬᠡ ᠳᠤ ᠵᠣᠯ ᠵᠢᠷᠭᠠᠯ ᠡᠳ᠋ᠯᠡᠭᠦᠯᠦᠨ᠎ᠡ᠃ ᠡᠨᠡ ᠤᠳᠠᠭ᠎ᠠ ︽ᠲᠠᠯ᠎ᠠ ᠨᠤᠲᠤᠭ ᠤᠨ ᠲᠦᠮᠡᠨ ᠭᠠᠵᠠᠷ ᠤᠨ ᠠᠶᠠᠯᠠᠯ︾ ᠢ ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ ᠤᠨ ᠬᠥᠪᠡᠭᠡ ᠠᠶᠢᠯ ᠲᠣᠰᠬᠤᠨ ᠤ ᠰᠣᠶᠣᠯ ᠤᠨ ᠲᠣᠭᠯᠠᠯᠲᠠ ᠳᠤ ᠣᠷᠣᠭᠤᠯᠵᠤ᠂ ᠥᠷᠭᠡᠨ ᠤᠯᠠᠨ ᠲᠦᠮᠡᠨ ᠳᠤ ᠬᠠᠷᠠᠭᠠᠨ ᠰᠡᠷᠡᠯ ᠪᠠ ᠰᠣᠨᠣᠷ ᠤᠨ ᠰᠡᠷᠡᠯ ᠤᠨ ᠬᠤᠣᠰ ᠬᠦᠷᠲᠡᠭᠡᠯ ᠤᠨ ᠰᠣᠶᠣᠯ ᠤᠨ  ᠤᠨ ᠲᠠᠩᠰᠤᠭ ᠬᠤᠭᠤᠯᠠ ᠶᠢ ᠬᠦᠷᠭᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠭᠰᠠᠨ ᠦᠵᠡᠰᠬᠦᠯᠡᠩᠲᠦ ᠰᠠᠶᠢᠬᠠᠨ ᠵᠢᠷᠤᠭ ᠢ ᠵᠢᠷᠤᠭᠯᠠᠵᠤ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠨᠡᠮᠡᠭᠳᠡᠭᠦᠯᠵᠦ᠂ ᠪᠠᠶᠠᠷ ᠪᠠᠶᠠᠰᠤᠯ ᠤᠨ ᠦᠭᠡ ᠶᠠᠷᠢᠶ᠎ᠠ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠡᠢ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号