ᠮᠠᠨ ᠤ ᠣᠷᠣᠨ ᠤ 3 ᠵᠠᠮ ᠱᠤᠭᠤᠮ ᠪᠦᠭᠦ ᠤᠯᠤᠰ ᠤᠨ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ ᠠᠷᠪᠠᠨ ᠰᠣᠳᠣᠨ ᠱᠤᠭᠤᠮ ᠳᠤ ᠰᠣᠩᠭᠤᠭᠳᠠᠨ ᠣᠷᠣᠪᠠ
ᠨᠡᠶᠢᠲᠡᠯᠡᠭᠰᠡᠨ ᠴᠠᠭ᠄
2023/9/11
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠷᠠᠰᠢᠶᠠᠨ ᠬᠤᠳᠠ ᠳᠤ ᠶᠠᠪᠤᠭᠳᠠᠭᠰᠠᠨ 2023 ᠳᠤᠮᠳᠠᠳᠤ ᠤᠯᠤᠰ ︵ᠷᠠᠰᠢᠶᠠᠨ︶ ᠤᠨ  ᠵᠢᠭᠤᠯᠴᠢᠯᠠᠯ  ᠤᠨ ᠶᠡᠭᠡ ᠬᠤᠷᠠᠯ ᠳᠡᠭᠡᠷ᠎ᠡ᠂ 2023 ᠣᠨ ᠤ ︽ᠳᠤᠮᠳᠠᠳᠤ ᠤᠯᠤᠰ ᠤᠨ ᠵᠠᠮ︾ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ  ᠠᠷᠪᠠᠨ ᠰᠣᠳᠣᠨ ᠱᠤᠭᠤᠮ ᠢ ᠨᠡᠶᠢᠲᠡᠯᠡᠪᠡ᠃ ᠡᠭᠦᠨ ᠳᠤ ᠮᠠᠨ ᠤ ᠣᠷᠣᠨ ᠤ ︽ᠤᠢ ᠶᠢᠨ ᠨᠢᠭᠤᠴᠠᠬᠠᠢ ᠣᠷᠣᠨ· ᠶᠡᠭᠡ ᠬᠢᠩᠭᠠᠨ ᠳᠠᠪᠠᠭ᠎ᠠ ᠶᠢᠨ ᠤᠢ ᠰᠢᠭᠤᠢ ᠶᠢᠨ ᠵᠠᠮ︾᠂ ︽ᠲᠠᠯ᠎ᠠ ᠶᠢᠨ ᠭᠦᠨ·ᠬᠤᠷᠴᠢᠨ -   ᠤᠯᠠᠭᠠᠢ ᠶᠢᠨ  ᠲᠠᠯ᠎ᠠ ᠨᠤᠲᠤᠭ ᠤᠨ ᠵᠠᠮ︾᠂ ︽ᠲᠡᠭᠷᠢ ᠭᠠᠵᠠᠷ ᠤᠨ ᠠᠶᠠᠨ·ᠪᠠᠳᠠᠢ ᠶᠢᠨ ᠵᠢᠷᠠᠨ ᠤ ᠡᠯᠡᠰᠦᠨ ᠴᠦᠯ ᠤᠨ ᠪᠠᠷᠲᠠᠭ᠎ᠠ ᠬᠠᠶᠢᠬᠤ ᠵᠠᠮ︾ ᠰᠣᠩᠭᠤᠭᠳᠠᠨ ᠣᠷᠣᠭᠰᠠᠨ ᠪᠠᠶᠢᠨ᠎ᠠ᠃      ᠮᠠᠨ ᠤ ᠣᠷᠣᠨ ᠤ 3 ᠵᠠᠮ ᠱᠤᠭᠤᠮ ᠠᠴᠠ ᠭᠠᠳᠠᠨ᠎ᠠ ︽ᠳᠤᠮᠳᠠᠳᠤ ᠶᠢᠨ ᠬᠤᠶᠠᠷ ᠲᠤᠶᠢᠯ · G331 ᠦᠵᠡᠰᠬᠦᠯᠡᠩᠲᠦ ᠰᠠᠶᠢᠬᠠᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ︾᠂ ︽ᠪᠠᠷᠠᠭᠤᠨ ᠣᠷᠣᠨ ᠤ ᠲᠡᠭᠷᠢ ᠶᠢᠨ ᠵᠠᠮ · G219 ᠡᠮᠦᠨᠡᠲᠦ ᠤᠮᠠᠷᠠᠲᠤ ᠶᠢᠨ ᠵᠠᠩ ᠦᠢᠯᠡ ᠶᠢᠨ ᠵᠠᠮ᠂ ︽ᠠᠭᠤᠳᠠᠮ ᠣᠭᠲᠠᠷᠭᠤᠢ ᠣᠷᠴᠢᠯᠠᠩ ᠤᠨ ᠬᠢᠵᠠᠭᠠᠷ·ᠬᠠᠶᠢᠨᠠᠨ ᠠᠷᠠᠯ ᠤᠨ ᠵᠢᠭᠤᠯᠴᠢᠯᠠᠯ ᠤᠨ ᠵᠠᠮ︾᠂ ︽ᠤᠮᠠᠷᠠᠲᠤ ᠶᠢᠨ ᠨᠢᠷᠤᠭᠤ· ᠲᠠᠢ ᠬᠠᠩ ᠱᠠᠨ ᠤ ᠵᠢᠭᠤᠯᠴᠢᠯᠠᠯ  ᠤᠨ ᠵᠠᠮ︾᠂ ︽ᠦᠵᠡᠰᠬᠦᠯᠡᠩᠲᠦ ᠰᠠᠶᠢᠬᠠᠨ ᠬᠢᠯᠢ ᠶᠢᠨ ᠬᠤᠳᠠ·ᠰᠢᠶᠠᠩᠰᠢ ᠶᠢᠨ ᠡᠷᠲᠡᠨ ᠤ ᠬᠤᠳᠠ ᠪᠠᠯᠭᠠᠰᠤ ᠶᠢᠨ ᠵᠢᠭᠤᠯᠴᠢᠯᠠᠯ ᠤᠨ ᠵᠠᠮ︾᠂ ︽ᠳᠡᠯᠡᠬᠡᠢ ᠶᠢᠨ ᠨᠣᠭᠤᠭᠠᠨ ᠬᠠᠰ·ᠭᠦᠢᠵᠧᠦ ᠶᠢᠨ ᠢᠵᠠᠭᠤᠷ ᠵᠠᠩ ᠦᠢᠯᠡ ᠶᠢᠨ ᠵᠢᠭᠤᠯᠴᠢᠯᠠᠯ ᠤᠨ ᠵᠠᠮ︾᠂ ︽ᠠᠭᠤᠯᠠ ᠤᠰᠤᠨ ᠤ ᠪᠠᠷᠢᠯᠳᠤᠯᠭ᠎ᠠ ·ᠵᠧᠵᠢᠶᠠᠩ ᠹᠦᠵᠢᠶᠠᠨ ᠤ ᠴᠠᠢ ᠶᠢᠨ ᠵᠠᠮ︾ ᠵᠡᠷᠭᠡ ᠵᠠᠮ ᠱᠤᠭᠤᠮ ᠴᠦ ᠪᠦᠭᠦ ᠤᠯᠤᠰ ᠤᠨ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ ᠠᠷᠪᠠᠨ ᠰᠣᠳᠣᠨ ᠱᠤᠭᠤᠮ  ᠳᠤ ᠰᠣᠩᠭᠤᠭᠳᠠᠨ ᠣᠷᠣᠪᠠ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠡᠶᠢᠲᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠡᠨᠡ ᠵᠤᠨ ᠠᠴᠠ ᠨᠠᠭᠠᠰᠢ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠯᠢᠶᠣᠤᠨᠢᠩ ᠭᠢᠷᠢᠨ ᠬᠠᠷᠠᠮᠥ᠋ᠷᠡᠨ᠂ ᠴᠧᠩᠳᠦ᠋ ᠴᠦᠩᠴᠢᠩ ᠵᠡᠷᠭᠡ ᠭᠠᠵᠠᠷ ᠣᠷᠣᠨ ᠠᠴᠠ 2000 ᠭᠠᠷᠤᠢ ᠲᠦᠮᠡᠨ ᠬᠥᠮᠥᠨ᠂ 600 ᠲᠦᠮᠡᠨ ᠮᠠᠰᠢᠨ ᠲᠡᠷᠭᠡ᠂ 10 ᠲᠦᠮᠡᠨ ᠮᠠᠰᠢᠨ ᠲᠡᠷᠭᠡᠨ ᠤ ᠠᠩᠭᠢ ᠷᠠᠰᠢᠶᠠᠨ ᠳᠤ ᠢᠷᠡᠵᠦ᠂ ᠶᠡᠭᠡ ᠬᠢᠩᠭᠠᠨ ᠳᠠᠪᠠᠭ᠎ᠠ ᠶᠢ ᠳᠤᠭᠤᠯᠤᠨ ᠥᠷᠭᠡᠨ ᠠᠭᠤᠳᠠᠮ ᠲᠠᠯ᠎ᠠ ᠪᠠᠷ ᠳᠣᠪᠲᠤᠯᠤᠭᠤᠯᠵᠤ᠂ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ ᠨᠢ ᠨᠢᠭᠡᠨᠲᠡ ᠮᠠᠨ ᠤ ᠣᠷᠣᠨ ᠤ ᠵᠢᠭᠤᠯᠴᠢᠯᠠᠯ ᠤᠨ ᠦᠢᠯᠡᠰ ᠤᠨ ᠨᠢᠭᠡᠨ ᠭᠢᠯᠡᠰ ᠴᠡᠭ ᠪᠣᠯᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号