ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ
ᠨᠡᠶᠢᠲᠡᠯᠡᠭᠰᠡᠨ ᠴᠠᠭ᠄
2023/9/11
     ᠨᠢᠭᠡ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ      ᠨᠢᠭᠡᠳᠦᠭᠡᠷ ᠵᠦᠢᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠥᠪᠰᠢᠶᠡᠷᠡᠭᠰᠡᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ︵ᠬᠥᠬᠡᠬᠤᠲᠠ ᠶᠢᠨ ᠨᠠᠮ ᠠᠯᠪᠠᠨ ᠲᠠᠷᠬᠠᠭᠠᠭᠰᠠᠨ ﹇2019﹈ 5 ᠳ᠋ᠤᠭᠠᠷ ᠲᠣᠭᠠᠲᠤ︶ ᠪᠠ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ ᠲᠣᠭᠲᠠᠭᠠᠪᠠ᠃      ᠬᠤᠶᠠᠳᠤᠭᠠᠷ ᠵᠦᠢᠯ᠂ ᠦᠴᠦᠸᠠᠨ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯ ᠰᠢᠶᠠᠨ ᠤ ᠵᠠᠰᠠᠭ ᠤᠨ ᠣᠷᠳᠣᠨ ᠤ ᠠᠵᠢᠯ ᠤᠨ ᠵᠢᠩᠬᠢᠨᠢ ᠰᠠᠯᠠᠭᠠᠨ ᠤ ᠲᠠᠰ ᠤᠨ ᠰᠠᠯᠠᠭ᠎ᠠ ᠮᠥᠴᠢᠷ ᠮᠥᠨ᠃      ᠭᠤᠷᠪᠠᠳᠤᠭᠠᠷ ᠵᠦᠢᠯ᠂ ᠦᠴᠦᠸᠠᠨ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠬᠤᠳᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠳᠠ ᠶᠢᠨ ᠣᠷᠴᠢᠨ ᠲᠣᠭᠤᠷᠢᠨ  ᠢ ᠶᠡᠷᠦᠩᠬᠡᠶᠢᠯᠡᠨ ᠵᠠᠰᠠᠬᠤ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠪᠣᠳᠠᠲᠠᠢ ᠲᠥᠰᠥᠯ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠤᠲᠠ ᠶᠢᠨ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠠᠬᠢ ᠬᠤᠲᠠ ᠶᠢᠨ ᠬᠠᠮᠢᠶᠠᠷᠤᠯᠲᠠ ᠶᠢᠨ ᠠᠭᠤᠯᠭ᠎ᠠ ᠳᠤ ᠬᠤᠯᠪᠣᠭᠳᠠᠬᠤ ᠪᠣᠯᠣᠮᠵᠢ ᠶᠢᠨ ᠰᠤᠳᠤᠯᠤᠯ᠂ ᠲᠥᠰᠥᠯ ᠢ ᠬᠢᠨᠠᠨ ᠪᠠᠶᠢᠴᠠᠭᠠᠬᠤ ᠵᠡᠷᠭᠡ ᠠᠵᠢᠯ ᠳᠤ ᠣᠷᠣᠯᠴᠠᠨ᠎ᠠ︔ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠬᠤᠳᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠣᠨ ᠤ ᠪᠡᠯᠡ ᠮᠥᠩᠭᠦ ᠶᠢ ᠬᠡᠷᠡᠭᠯᠡᠬᠦ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠳᠠ ᠶᠢᠨ ᠬᠠᠮᠢᠶᠠᠷᠤᠯᠲᠠ ᠶᠢᠨ ᠲᠣᠭᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠣᠯᠣᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃      ︵ᠬᠤᠶᠠᠷ︶ ᠭᠤᠣᠯ ᠬᠤᠲᠠ ᠲᠣᠭᠤᠷᠢᠭ ᠤᠨ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠭᠤᠣᠯ ᠬᠤᠲᠠ ᠶᠢᠨ ᠲᠣᠭᠤᠷᠢᠭ ᠤᠨ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠵᠢᠷᠤᠮᠵᠢᠯ᠂ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠭᠤᠣᠯ ᠬᠤᠲᠠ ᠶᠢᠨ ᠲᠣᠭᠤᠷᠢᠭ ᠤᠨ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠵᠢᠯᠣᠭᠤᠳᠤᠨ ᠬᠢᠨᠠᠯᠲᠠ ᠲᠠᠯᠪᠢᠨ᠎ᠠ᠃      ︵ᠭᠤᠷᠪᠠ︶ ᠭᠤᠣᠯ ᠬᠤᠲᠠ ᠲᠣᠭᠤᠷᠢᠭ ᠤᠨ ᠬᠤᠲᠠ ᠶᠢᠨ ᠠᠮᠢᠳᠤᠷᠠᠯ ᠤᠨ ᠬᠤᠭ ᠨᠣᠪᠰᠢ ᠶᠢᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠢ ᠬᠢᠨᠠᠨ ᠵᠥᠪᠰᠢᠶᠡᠷᠡᠬᠦ ᠪᠠ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠶᠢ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠤᠯᠲᠠ ᠶᠢᠨ ᠪᠤᠰᠤ ᠲᠥᠷᠥᠯ ᠤᠨ ᠲᠦᠷ ᠴᠠᠭ ᠵᠠᠮ ᠡᠵᠡᠯᠡᠬᠦ ᠶᠢ ᠵᠥᠪᠰᠢᠶᠡᠷᠡᠬᠦ᠂ ᠬᠤᠲᠠ ᠶᠢᠨ ᠭᠡᠷ ᠤᠨ ᠭᠠᠳᠠᠨᠠᠬᠢ ᠵᠠᠷ ᠮᠡᠳᠡᠭᠡ ᠪᠠᠶᠢᠷᠢᠯᠠᠭᠤᠯᠬᠤ ᠶᠢ ᠬᠢᠨᠠᠨ ᠵᠥᠪᠰᠢᠶᠡᠷᠡᠬᠦ ᠵᠢᠴᠢ ᠪᠠᠶᠢᠭᠤᠯᠭ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠪᠠ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢ ᠬᠠᠷᠢᠭᠤᠴᠠᠨ᠎ᠠ᠃      ︵ᠳᠥᠷᠪᠡ︶ ᠬᠤᠳᠠ ᠶᠢᠨ ᠡᠯ᠎ᠡ ᠲᠥᠷᠥᠯ ᠤᠨ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠶᠢᠨ ᠣᠷᠣᠨ ᠪᠦᠰᠡ ᠶᠢ ᠬᠦᠷᠢᠶᠡᠯᠡᠨ ᠬᠠᠰᠢᠬᠤ᠂ ᠬᠠᠯᠴᠠᠭᠠᠢ ᠰᠢᠷᠣᠢ ᠵᠢᠴᠢ ᠪᠣᠳᠠᠰ ᠣᠪᠣᠭᠠᠯᠠᠵᠤ ᠲᠠᠯᠪᠢᠬᠤ ᠶᠢ ᠪᠦᠷᠬᠦᠬᠦ᠂ ᠪᠠᠷᠢᠯᠭ᠎ᠠ ᠶᠢᠨ ᠭᠠᠵᠠᠷ ᠤᠨ ᠤᠰᠤ ᠰᠦᠷᠴᠢᠨ ᠱᠦᠭᠦᠷᠳᠡᠬᠦ᠂ ᠣᠷᠣᠵᠤ ᠭᠠᠷᠬᠤ ᠲᠡᠷᠭᠡ ᠬᠥᠰᠬᠡ ᠶᠢ ᠤᠬᠢᠶᠠᠬᠤ᠂ ᠪᠠᠷᠢᠯᠭ᠎ᠠ ᠶᠢᠨ ᠵᠠᠮ ᠢ ᠬᠠᠲᠠᠭᠤᠷᠠᠭᠤᠯᠬᠤ᠂ ᠬᠤᠭ ᠰᠢᠷᠣᠢ ᠶᠢᠨ ᠲᠡᠷᠭᠡ ᠬᠥᠰᠬᠡ ᠶᠢ ᠪᠢᠲᠡᠭᠦᠮᠵᠢᠯᠡᠬᠦ ᠪᠠᠷᠢᠮᠵᠢᠶ᠎ᠠ ᠶᠢᠨ ᠵᠢᠷᠤᠮᠵᠢᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠲᠠᠪᠤ︶ ᠭᠤᠣᠯ ᠬᠤᠳᠠ ᠶᠢᠨ ᠲᠣᠭᠤᠷᠢᠭ ᠤᠨ ᠭᠤᠣᠯ ᠪᠠ ᠳᠡᠳ᠋ ᠭᠤᠣᠯ ᠵᠠᠮ ᠤᠨ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠳᠠ ᠶᠢᠨ ᠶᠠᠪᠤᠳᠠᠯ ᠤᠨ ᠪᠡᠯᠡᠳᠬᠡᠮᠵᠢ᠂ ᠨᠡᠭᠦᠳᠡᠯ ᠬᠤᠳᠠᠯᠳᠤᠭᠠᠴᠢᠨ᠂ ᠬᠤᠳᠠ ᠶᠢᠨ ᠵᠠᠮ ᠢ ᠡᠵᠡᠯᠡᠭᠰᠡᠨ ᠳᠤ ᠬᠢᠨᠠᠯᠲᠠ ᠲᠠᠯᠪᠢᠵᠤ ᠬᠠᠮᠢᠶᠠᠷᠬᠤ᠂ ᠵᠠᠰᠠᠭ ᠵᠠᠬᠢᠷᠭᠠᠨ ᠤ ᠰᠢᠳᠬᠡᠯ ᠥᠭᠬᠦ ᠶᠢ ᠬᠠᠷᠢᠭᠤᠴᠠᠵᠤ᠂ ᠭᠤᠣᠯ ᠪᠠ ᠳᠡᠳ᠋ ᠭᠤᠣᠯ ᠵᠠᠮ ᠤᠨ ᠬᠤᠳᠠ ᠶᠢᠨ ᠳᠦᠷᠰᠦ ᠪᠠᠶᠢᠳᠠᠯ ᠪᠣᠯᠣᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠠᠷᠢᠯᠭ᠎ᠠ ᠪᠤᠶᠤ ᠪᠡᠯᠡᠳᠬᠡᠮᠵᠢ ᠶᠢ ᠠᠯᠪᠠᠳᠠᠯᠭ᠎ᠠ ᠪᠠᠷ ᠨᠤᠷᠠᠭᠠᠨ᠎ᠠ᠃      ︵ᠵᠢᠷᠭᠤᠭ᠎ᠠ︶ ᠭᠤᠣᠯ ᠬᠤᠲᠠ ᠲᠣᠭᠤᠷᠢᠭ ᠤᠨ ᠨᠢᠭᠡᠨᠲᠡ ᠲᠥᠯᠥᠪᠵᠢᠭᠦᠯᠦᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠲᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ   ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃      ︵ᠳᠣᠯᠤᠭ᠎ᠠ︶ ᠭᠤᠣᠯ ᠬᠤᠲᠠ ᠲᠣᠭᠤᠷᠢᠭ ᠤᠨ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠬᠠᠷᠢᠭᠤᠴᠠᠵᠤ᠂ ᠪᠥᠬᠦ ᠰᠢᠶᠠᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠶᠡᠷᠦᠩᠬᠡᠢ ᠲᠥᠯᠦᠪᠵᠢᠭᠦᠯᠭᠡ ᠪᠠ ᠬᠠᠮᠢᠶ᠎ᠠ ᠪᠦᠬᠦᠢ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ᠂ ᠵᠢᠷᠤᠮᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠠᠳᠠᠯ ᠠᠬᠤᠢ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠲᠠ᠂ ᠠᠳᠠᠯ ᠠᠬᠤᠢ ᠶᠢᠨ ᠲᠤᠰᠢᠶᠠᠨ ᠬᠡᠷᠡᠭᠯᠡᠭᠦᠯᠬᠦ ᠶᠢ ᠳᠠᠭᠠᠭᠠᠨ ᠠᠪᠴᠤ ᠪᠠᠶᠢᠴᠠᠭᠠᠬᠤ᠂ ᠠᠳᠠᠯ ᠠᠬᠤᠢ ᠳᠤ ᠬᠡᠷᠡᠭᠯᠡᠬᠦ ᠭᠡᠷ ᠪᠠᠶᠢᠰᠢᠩ ᠢ ᠦᠯᠡᠳᠡᠭᠡᠨ ᠲᠠᠯᠪᠢᠬᠤ ᠪᠠ ᠬᠠᠮᠢᠶᠠᠷᠬᠤ ᠶᠢ ᠬᠠᠷᠢᠭᠤᠴᠠᠨ᠎ᠠ᠃ ᠥᠮᠴᠢᠲᠡᠨ ᠤ ᠵᠥᠪᠯᠡᠯ ᠢ ᠪᠠᠶᠢᠭᠤᠯᠬᠤ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠪᠥᠬᠦ ᠰᠢᠶᠠᠨ ᠤ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠬᠠᠮᠢᠶᠠᠷᠤᠯᠲᠠ ᠶᠢᠨ ᠠᠵᠢᠯ ᠲᠥᠷᠥᠯ ᠤᠨ ᠨᠡᠶᠢᠭᠡᠮᠯᠢᠭ ᠤᠨ ᠠᠵᠢᠯ ᠢ ᠬᠠᠷᠢᠭᠤᠴᠠᠨ ᠵᠢᠯᠣᠭᠤᠳᠤᠨ᠎ᠠ᠃      ︵ᠨᠠᠢᠮᠠ︶ ᠠᠵᠤ ᠠᠬᠤᠶᠢᠯᠠᠯ ᠪᠣᠯᠣᠨ ᠬᠤᠪᠢ ᠬᠥᠮᠥᠨ ᠤ ᠬᠤᠳᠠ ᠶᠢᠨ ᠶᠠᠪᠤᠳᠠᠯ ᠤᠨ ᠵᠠᠮ ᠢ  ᠡᠵᠡᠯᠡᠨ ᠬᠡᠷᠡᠭᠯᠡᠬᠦ᠂ ᠤᠬᠤᠵᠤ ᠮᠠᠯᠲᠠᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠬᠢᠨᠠᠨ ᠵᠥᠪᠰᠢᠶᠡᠷᠡᠭᠦᠯᠦᠭᠰᠡᠨ ᠦᠭᠡᠢ ᠪᠤᠶᠤ ᠵᠥᠪᠰᠢᠶᠡᠷᠡᠭᠦᠯᠦᠭᠰᠡᠨ ᠱᠠᠭᠠᠷᠳᠠᠯᠭ᠎ᠠ ᠶᠣᠰᠣᠭᠠᠷ ᠬᠤᠲᠠ ᠶᠢᠨ ᠶᠠᠪᠤᠳᠠᠯ ᠤᠨ ᠵᠠᠮ ᠪᠠ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ︵ᠤᠰᠤ᠂ ᠴᠠᠬᠢᠯᠭᠠᠨ᠂ ᠳᠤᠯᠠᠭᠠᠨ᠂ ᠬᠡᠢ ᠵᠡᠷᠭᠡ ᠭᠠᠵᠠᠷ ᠳᠣᠣᠷᠠᠬᠢ ᠬᠤᠭᠤᠯᠠᠢ ᠶᠢᠨ ᠲᠣᠣᠷ ᠪᠠᠭᠲᠠᠨ᠎ᠠ︶ ᠶᠢ ᠬᠡᠷᠡᠭᠯᠡᠬᠦ᠂ ᠮᠠᠯᠲᠠᠬᠤ᠂ ᠡᠵᠡᠯᠡᠬᠦ᠂ ᠡᠪᠳᠡᠬᠦ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠪᠠ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠳᠡᠭᠡᠷ᠎ᠡ ᠳᠤᠷ᠎ᠠ ᠪᠠᠷ ᠢᠶᠠᠨ ᠪᠠᠶᠢᠭᠤᠯᠬᠤ ᠥᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃      ︵ᠶᠢᠰᠦ︶ ᠬᠤᠲᠠ ᠶᠢᠨ ᠳᠦᠷᠢ ᠲᠥᠷᠬᠦ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠠᠵᠢᠯ ᠤᠨ ᠲᠥᠯᠥᠪᠯᠡᠭᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠪᠠᠷᠢᠮᠵᠢᠶ᠎ᠠ ᠶᠢᠨ ᠵᠢᠷᠤᠮᠵᠢᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠥᠬᠦ ᠰᠢᠶᠠᠨ ᠤ ᠬᠤᠲᠠ ᠶᠢᠨ ᠳᠦᠷᠰᠦ ᠪᠠᠶᠢᠳᠠᠯ ᠢ ᠨᠢᠭᠡᠳᠦᠯᠲᠡᠢ ᠲᠥᠯᠥᠪᠯᠡᠨ ᠬᠠᠮᠢᠶᠠᠷᠬᠤ᠂ ᠵᠣᠬᠢᠶᠠᠨ ᠪᠠᠶᠢᠭᠤᠯᠬᠤ᠂ ᠵᠢᠯᠤᠭᠤᠳᠬᠤ᠂ ᠬᠢᠨᠠᠯᠲᠠ ᠲᠠᠯᠪᠢᠬᠤ ᠶᠢ ᠬᠠᠷᠢᠭᠤᠴᠠᠵᠤ᠂ ᠪᠥᠬᠦ ᠰᠢᠶᠠᠨ ᠤ ᠬᠤᠲᠠ ᠶᠢᠨ ᠳᠦᠷᠰᠦ ᠪᠠᠶᠢᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠴᠠᠭᠤᠯᠤᠨ᠎ᠠ᠃ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠡᠪᠳᠡᠭᠰᠡᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ᠃      ︵ᠠᠷᠪᠠ︶ ᠪᠥᠬᠦ ᠰᠢᠶᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠬᠦ ᠶᠢ ᠬᠠᠷᠢᠭᠤᠴᠠᠨ᠎ᠠ᠃ ᠪᠥᠬᠦ ᠰᠢᠶᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠬᠤ᠂ ᠵᠢᠯᠤᠭᠤᠳᠬᠤ᠂ ᠵᠣᠬᠢᠴᠠᠭᠤᠯᠬᠤ ᠶᠢ ᠬᠠᠷᠢᠭᠤᠴᠠᠨ᠎ᠠ᠃ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ᠂ ᠬᠤᠭᠤᠯᠠᠨ ᠭᠡᠷ ᠤᠨ ᠬᠤᠭ ᠨᠣᠪᠰᠢ ᠶᠢ ᠴᠤᠭᠯᠠᠭᠤᠯᠬᠤ᠂ ᠴᠡᠪᠡᠷᠯᠡᠨ ᠲᠡᠭᠡᠭᠡᠪᠦᠷᠢᠯᠡᠬᠦ᠂ ᠴᠢᠳᠬᠤᠬᠤ᠂ ᠰᠢᠢᠳᠪᠦᠷᠢᠯᠡᠬᠦ ᠵᠢᠴᠢ ᠡᠮᠴᠢᠯᠡᠭᠡᠨ ᠤ ᠬᠤᠭ ᠨᠣᠪᠰᠢ ᠶᠢ ᠰᠢᠢᠳᠪᠦᠷᠢᠯᠡᠬᠦ ᠶᠢᠨ ᠬᠠᠮᠲᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠢ ᠪᠣᠯᠭᠠᠬᠤ ᠠᠵᠢᠯ ᠢ ᠬᠠᠷᠢᠭᠤᠴᠠᠵᠤ᠂ ᠬᠤᠭ ᠨᠣᠪᠰᠢ ᠰᠢᠢᠳᠪᠦᠷᠢᠯᠡᠬᠦ ᠪᠡᠯᠡᠳᠬᠡᠮᠵᠢ ᠶᠢᠨ ᠡᠵᠡᠩᠨᠡᠯᠲᠡ ᠳᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠠᠷᠢᠯᠭ᠎ᠠ ᠶᠢᠨ ᠬᠤᠭ ᠨᠣᠪᠰᠢ᠂ ᠬᠤᠭ ᠰᠢᠷᠣᠢ ᠵᠥᠭᠡᠭᠡᠪᠦᠷᠢᠯᠡᠬᠦ᠂ ᠰᠢᠩᠭᠡᠭᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠲᠥᠬᠦᠭᠡᠷᠦᠮᠵᠢ᠂ ᠮᠠᠰᠢᠨ ᠪᠠᠭᠠᠵᠢ᠂ ᠲᠡᠷᠭᠡ ᠬᠥᠰᠬᠡ ᠪᠣᠯᠣᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠢ ᠵᠢᠭᠰᠠᠭᠠᠨ ᠨᠠᠶᠢᠷᠠᠭᠤᠯᠬᠤ᠂ ᠰᠢᠨᠡᠳᠬᠡᠬᠦ ᠪᠠ ᠨᠥᠬᠦᠪᠦᠷᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠬᠠᠷᠢᠭᠤᠴᠠᠨ᠎ᠠ᠃      ︵ᠠᠷᠪᠠᠨ ᠨᠢᠭᠡ︶ ᠪᠠᠶᠢᠭᠤᠯᠤᠭᠰᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠤᠯᠤᠭᠰᠠᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠡᠯᠡᠳᠬᠡᠮᠵᠢ ︵ᠰᠢᠨ᠎ᠡ ᠪᠠᠷ ᠪᠠᠶᠢᠭᠤᠯᠬᠤ᠂ ᠶᠡᠭᠡ ᠳᠤᠮᠳᠠ ᠰᠡᠯᠪᠢᠨ ᠵᠠᠰᠠᠬᠤ᠂ ᠪᠠᠬᠢᠵᠢᠭᠦᠯᠬᠦ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠪᠠᠭᠲᠠᠨ᠎ᠠ︶ ᠶᠢ ᠬᠠᠷᠢᠭᠤᠴᠠᠬᠤ ᠶᠢᠨ ᠬᠠᠮᠲᠤ ᠬᠢᠨᠠᠨ ᠬᠠᠮᠢᠶᠠᠷᠤᠨ᠎ᠠ᠃ ᠪᠠᠶᠢᠭᠤᠯᠤᠭᠰᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠶᠢᠨ ᠢᠨᠵᠧᠨᠧᠷᠢᠩ ᠢ ᠬᠤᠪᠢᠷᠠᠭᠤᠯᠬᠤ᠂ ᠦᠨᠡᠯᠡᠨ ᠵᠢᠱᠢᠬᠦ᠂ ᠮᠡᠷᠭᠡᠵᠢᠯ ᠤᠨ ᠥᠭᠡᠷᠡᠴᠢᠯᠡᠯᠲᠡ ᠬᠢᠬᠦ ᠵᠡᠷᠭᠡ ᠶᠢ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠨ᠎ᠡ᠃      ︵ᠠᠷᠪᠠᠨ ᠬᠤᠶᠠᠷ︶ ᠬᠤᠲᠠ ᠶᠢᠨ ᠣᠯᠠᠨ ᠨᠡᠶᠢᠲᠡ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠨ᠎ᠠ᠃ ᠪᠠᠷᠢᠯᠭ᠎ᠠ ᠶᠢᠨ ᠪᠣᠰᠤᠭ᠎ᠠ ᠲᠠᠯ᠎ᠠ ᠪᠠ ᠪᠠᠷᠢᠯᠭ᠎ᠠ ᠶᠢᠨ ᠥᠩᠭᠡ ᠪᠤᠳᠤᠭ ᠢ ᠵᠥᠪᠰᠢᠶᠡᠷᠡᠭᠰᠡᠨ ᠤ ᠳᠠᠷᠠᠭ᠎ᠠ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠪᠠᠶᠢᠭᠤᠯᠤᠭᠰᠠᠨ ᠲᠣᠭᠤᠷᠢᠭ ᠤᠨ ᠬᠡᠪᠴᠢᠶᠡᠨ ᠳᠣᠲᠣᠷᠠᠬᠢ ᠭᠡᠷ ᠤᠨ ᠭᠠᠳᠠᠨᠠᠬᠢ ᠵᠠᠷ ᠮᠡᠳᠡᠭᠡ ᠶᠢᠨ ᠪᠡᠯᠡᠳᠬᠡᠮᠵᠢ᠂ ᠬᠤᠳᠠᠯᠳᠤᠭᠠᠨ ᠤ᢭ᠫᠠᠶᠢᠰᠠ ᠪᠣᠯᠣᠨ ᠵᠢᠭᠠᠯᠲᠠ ᠶᠢᠨ᢭ᠫᠠᠶᠢᠰᠠ ᠪᠠᠶᠢᠷᠢᠯᠠᠭᠤᠯᠬᠤ ᠪᠠ ᠴᠡᠴᠡᠷᠯᠢᠭ᠂ ᠵᠤᠭᠠᠴᠠᠯ ᠤᠨ᢭ᠬᠦᠷᠢᠶᠡᠯᠡᠩ᠂ ᠬᠤᠳᠠ ᠶᠢᠨ ᠠᠭᠤᠳᠠᠮ ᠲᠠᠯᠠᠪᠠᠢ᠂ ᠤᠯᠠᠨ ᠨᠡᠶᠢᠳᠡ ᠶᠢᠨ ᠨᠣᠭᠤᠭᠠᠨ ᠬᠥᠷᠥᠰᠥ ᠶᠢᠨ ᠣᠷᠴᠢᠨ ᠲᠣᠭᠤᠷᠢᠨ ᠬᠢᠭᠡᠳ ᠳᠠᠭᠠᠯᠲᠠ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ  ᠬᠠᠷᠢᠭᠤᠴᠠᠨ᠎ᠠ᠃      ︵ᠠᠷᠪᠠᠨ ᠭᠤᠷᠪᠠ︶ ᠪᠠᠯᠭᠠᠰᠤ ᠶᠢᠨ ᠳᠣᠲᠣᠷᠠᠬᠢ ᠵᠠᠮ ᠤᠨ ᠴᠢᠯᠠᠭᠤ ᠳᠠᠭᠠᠤ ᠶᠢᠨ ᠴᠢᠯᠠᠭᠤ ᠠᠴᠠ ᠳᠡᠭᠡᠭᠰᠢᠬᠢ ᠵᠥᠪᠰᠢᠶᠡᠷᠡᠭᠦᠯᠦᠭᠰᠡᠨ ᠦᠭᠡᠢ᠂ ᠵᠥᠪᠰᠢᠶᠡᠷᠡᠭᠦᠯᠦᠭᠰᠡᠨ ᠱᠠᠭᠠᠷᠳᠠᠯᠭ᠎ᠠ ᠶᠣᠰᠣᠭᠠᠷ ᠲᠡᠷᠭᠡ ᠵᠣᠭᠰᠤᠭᠠᠬᠤ ᠲᠠᠯᠠᠪᠠᠢ ︵ᠴᠡᠭ︶ ᠪᠠᠶᠢᠭᠤᠯᠤᠭᠰᠠᠨ ᠦᠭᠡᠢ ᠪᠠ ᠲᠣᠭᠲᠠᠭᠠᠯ ᠶᠣᠰᠣᠭᠠᠷ ᠲᠡᠷᠭᠡ ᠬᠥᠰᠬᠡ ᠵᠣᠭᠰᠣᠭᠠᠭᠰᠠᠨ ᠦᠭᠡᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠᠨ ᠳᠥᠷᠪᠡ︶ ᠣᠷᠴᠢᠨ ᠲᠣᠭᠤᠷᠢᠨ ᠤ ᠬᠠᠮᠠᠭᠠᠯᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠬᠤᠳᠠ ᠶᠢᠨ ᠨᠡᠶᠢᠭᠡᠮ ᠤᠨ ᠠᠮᠢᠳᠤᠷᠠᠯ ᠤᠨ ᠲᠠᠭᠤ ᠱᠤᠤᠭᠢᠶᠠᠨ ᠤ  ᠪᠣᠬᠢᠷᠲᠤᠯ᠂ ᠪᠠᠷᠢᠯᠭ᠎ᠠ ᠶᠢᠨ ᠠᠵᠢᠯ ᠤᠨ ᠲᠠᠭᠤ ᠱᠤᠤᠭᠢᠶᠠᠨ ᠤ ᠪᠣᠬᠢᠷᠲᠤᠯ᠂ ᠪᠠᠷᠢᠯᠭ᠎ᠠ ᠶᠢᠨ ᠠᠵᠢᠯ ᠤᠨ ᠳᠡᠭᠳᠡᠮᠡᠯ ᠲᠣᠭᠤᠰᠣᠨ ᠤ ᠪᠣᠬᠢᠷᠲᠤᠯ᠂ ᠢᠳᠡᠭᠡᠨ ᠤᠮᠳᠠᠭᠠᠨ ᠤ ᠦᠢᠯᠡᠴᠢᠯᠡᠭᠡᠨ ᠤᠨ ᠦᠢᠯᠡᠰ ᠤᠨ ᠲᠤᠰᠤᠨ ᠣᠲᠤᠭ᠎ᠠ ᠱᠤᠤᠭᠢᠶᠠᠨ ᠤ ᠪᠣᠬᠢᠷᠲᠤᠯ᠂  ᠭᠡᠷ ᠤᠨ ᠭᠠᠳᠠᠨᠠᠬᠢ ᠰᠢᠷᠠᠯᠭ᠎ᠠ  ᠱᠣᠷᠣᠯᠠᠭ ᠤᠨ ᠪᠣᠬᠢᠷᠲᠤᠯ᠂ ᠪᠠᠷᠤᠭᠰᠢᠨ ᠰᠦᠯᠢᠶᠥᠦ ᠬᠤᠭ ᠨᠣᠪᠰᠢ ᠶᠢ ᠰᠢᠲᠠᠭᠠᠬᠤ ᠵᠡᠷᠭᠡ ᠣᠲᠤᠭ᠎ᠠ ᠲᠣᠭᠤᠰᠣ ᠪᠣᠯᠣᠨ ᠦᠮᠡᠬᠡᠢ ᠦᠨᠦᠷ ᠤᠨ ᠪᠣᠬᠢᠷᠲᠤᠯ᠂ ᠤᠨᠠᠭᠰᠠᠨ ᠨᠠᠪᠴᠢ ᠶᠢ ᠭᠠᠳᠠᠨ᠎ᠠ ᠰᠢᠲᠠᠭᠠᠬᠤ ᠵᠡᠷᠭᠡ ᠣᠲᠤᠭ᠎ᠠ ᠲᠣᠭᠤᠰᠣᠨ ᠤ ᠪᠣᠬᠢᠷᠲᠤᠯ᠂ ᠬᠤᠸᠠᠷ ᠫᠤᠤᠵᠢᠩ ᠲᠠᠯᠪᠢᠬᠤ ᠪᠣᠬᠢᠷᠲᠤᠯ ᠳᠤ ᠵᠠᠰᠠᠭ ᠵᠠᠬᠢᠷᠭᠠᠨ ᠤ ᠰᠢᠳᠬᠡᠯ ᠥᠭᠬᠦ ᠡᠷᠬᠡ ᠶᠢ ᠬᠠᠷᠢᠭᠤᠴᠠᠨ ᠬᠡᠷᠡᠭᠵᠢᠭᠦᠯᠦᠨ᠎ᠡ᠃      ︵ᠠᠷᠪᠠᠨ ᠲᠠᠪᠤ︶ ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠤᠨ ᠡᠯ᠎ᠡ ᠲᠥᠷᠥᠯ ᠤᠨ ᠦᠨᠡᠮᠯᠡᠯ ᠦᠭᠡᠢ ᠪᠠᠷ ᠡᠵᠡᠩᠨᠡᠬᠦ ᠦᠶᠯᠡ ᠠᠵᠢᠯᠯᠠᠭ᠎ᠠ ᠪᠠ ᠨᠢᠭᠡᠨᠲᠡ ᠡᠵᠡᠩᠨᠡᠯᠲᠡ ᠶᠢᠨ ᠵᠥᠪᠰᠢᠶᠡᠷᠡᠯ ᠣᠯᠣᠭᠰᠠᠨ ᠪᠣᠯᠪᠠᠴᠤ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠬᠦ ᠡᠷᠬᠡ ᠶᠢ ᠬᠡᠷᠡᠭᠵᠢᠭᠦᠯᠦᠨ᠎ᠡ᠃      ︵ᠠᠷᠪᠠᠨ ᠵᠢᠷᠭᠤᠭ᠎ᠠ︶ ᠪᠠᠶᠢᠭᠤᠯᠤᠭᠰᠠᠨ ᠲᠣᠭᠤᠷᠢᠭ ᠤᠨ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠠᠵᠤ ᠦᠢᠯᠡᠳᠪᠦᠷᠢ ᠶᠢᠨ ᠲᠥᠷᠥᠯ ᠵᠦᠢᠯ᠂ ᠰᠠᠭᠤᠭᠠᠯᠢ ᠠᠷᠠᠳ ᠤᠨ ᠬᠡᠷᠡᠭᠯᠡᠬᠦ ᠤᠰᠤ ᠪᠠᠭᠲᠠᠬᠤ ᠦᠭᠡᠢ︶ ᠤᠨ ᠵᠥᠪᠰᠢᠶᠡᠷᠡᠯ ᠣᠯᠣᠭᠰᠠᠨ ᠦᠭᠡᠢ ᠪᠠᠷ ᠪᠠᠷᠢᠯᠭ᠎ᠠ ᠪᠠᠷᠢᠬᠤ ᠳᠤ ᠤᠰᠤ ᠬᠡᠷᠡᠭᠯᠡᠬᠦ  ᠂ ᠤᠰᠤ ᠲᠠᠲᠠᠬᠤ᠂ ᠤᠰᠤ ᠵᠠᠯᠠᠬᠤ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠬᠤᠳᠠ ᠶᠢᠨ ᠭᠤᠣᠯ ᠤᠨ ᠵᠠᠮ ᠳᠤ ᠬᠠᠶᠠᠭᠳᠠᠮᠠᠯ ᠪᠣᠳᠠᠰ᠂ ᠬᠤᠭ ᠨᠣᠪᠰᠢ ᠴᠢᠳᠬᠤᠬᠤ ᠪᠠ ᠲᠣᠭᠲᠠᠭᠠᠯ ᠠᠴᠠ ᠵᠥᠷᠢᠴᠡᠨ ᠡᠯᠡᠰᠦ ᠮᠠᠯᠲᠠᠵᠤ ᠰᠢᠷᠣᠢ ᠠᠪᠬᠤ ᠵᠢᠴᠢ ᠬᠤᠳᠠ ᠶᠢᠨ ᠭᠤᠣᠯ ᠤᠨ ᠵᠠᠮ ᠳᠤ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠵᠡᠷᠭᠡ ᠥᠢᠯᠡ ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠳᠬᠡᠨ ᠲᠣᠷᠭᠠᠬᠤ ᠡᠷᠬᠡ ᠪᠣᠯᠣᠨ ᠵᠠᠰᠠᠭ ᠤᠨ ᠣᠷᠳᠣᠨ ᠤ ᠨᠥᠭᠡᠴᠡᠯᠡᠭᠰᠡᠨ ᠭᠠᠵᠠᠷ ᠰᠢᠷᠣᠢ ᠳᠡᠭᠡᠷ᠎ᠡ ᠳᠤᠷ᠎ᠠ ᠪᠠᠷ ᠢᠶᠠᠨ ᠬᠤᠭ ᠨᠣᠪᠰᠢ ᠬᠠᠶᠠᠬᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠵᠡᠷᠭᠡ ᠥᠢᠯᠡ ᠠᠵᠢᠯᠯᠠᠭ᠎ᠠ ᠶᠢ ᠬᠢᠨᠠᠨ ᠬᠠᠮᠢᠶᠠᠷᠴᠤ ᠰᠢᠳᠬᠡᠨ ᠲᠣᠷᠭᠠᠬᠤ ᠠᠵᠢᠯ ᠢ ᠬᠡᠷᠡᠭᠵᠢᠭᠦᠯᠦᠨ᠎ᠡ᠃      ︵ᠠᠷᠪᠠᠨ ᠳᠣᠯᠤᠭ᠎ᠠ︶ ᠪᠥᠬᠦ ᠰᠢᠶᠠᠨ ᠤ ᠬᠤᠲᠠ ᠶᠢᠨ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠶᠢᠨ ᠠᠵᠢᠯ ᠢ ᠬᠠᠷᠢᠭᠤᠴᠠᠨ᠎ᠠ᠃ ᠪᠥᠬᠦ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃      ︵ᠠᠷᠪᠠᠨ ᠨᠠᠢᠮᠠ︶ ᠣᠲᠣ ᠦᠶ᠎ᠡ ᠶᠢᠨ ᠲᠣᠭᠠᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠢ ᠬᠠᠷᠢᠭᠤᠴᠠᠨ ᠠᠰᠢᠭᠯᠠᠵᠤ᠂ ᠬᠤᠲᠠ ᠶᠢᠨ ᠬᠠᠮᠢᠶᠠᠷᠤᠯᠲᠠ ᠶᠢᠨ ᠲᠣᠭᠠᠵᠢᠭᠤᠯᠬᠤ᠂ ᠨᠠᠷᠢᠯᠢᠭᠵᠢᠭᠤᠯᠬᠤ᠂ ᠣᠶᠤᠨᠵᠢᠭᠤᠯᠬᠤ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠠᠬᠢᠭᠤᠯᠤᠨ᠎ᠠ᠃      ︵ᠠᠷᠪᠠ ᠶᠢᠰᠦ︶ ᠬᠤᠲᠠ ᠶᠢᠨ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠤᠨ ᠵᠢᠷᠤᠮᠵᠢᠯ ᠢ ᠲᠣᠭᠲᠠᠭᠠᠬᠤ ᠶᠢ ᠬᠠᠷᠢᠭᠤᠴᠠᠨ᠎ᠠ᠃      ︵ᠬᠤᠷᠢ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠠᠯᠭᠠᠰᠤᠨ ᠤ ᠳᠣᠲᠣᠷᠠᠬᠢ ᠭᠤᠣᠯ ᠤᠨ ᠵᠠᠮ᠂ ᠰᠠᠭᠤᠭᠠᠯᠢ ᠠᠷᠠᠳ ᠤᠨ ᠲᠣᠭᠤᠷᠢᠭ ᠤᠨ ᠦᠶᠡᠷ ᠢ ᠰᠡᠷᠭᠡᠶᠢᠯᠡᠬᠦ ᠠᠵᠢᠯ ᠬᠢᠭᠡᠳ ᠰᠢᠶᠠᠨ ᠤ ᠵᠡᠪᠰᠡᠭᠲᠦ ᠬᠦᠴᠦᠨ ᠤ ᠬᠡᠯᠲᠡᠰ ᠤᠨ ᠡᠷᠦᠭᠡ ᠶᠢᠨ ᠴᠡᠷᠢᠭ ᠤᠨ ᠪᠡᠯᠡᠳᠬᠡᠯ ᠠᠯᠪᠠᠨ ᠤ ᠪᠣᠯᠪᠠᠰᠤᠷᠠᠯ᠂ ᠠᠶᠤᠯ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠬᠤ ᠬᠡᠷᠡᠭ ᠢ ᠰᠠᠶᠢᠲᠤᠷ ᠬᠢᠨ᠎ᠡ᠃      ︵ᠬᠤᠷᠢᠨ ᠨᠢᠭᠡ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃      ︵ᠬᠤᠷᠢᠨ ᠬᠤᠶᠠᠷ︶ ᠰᠢᠶᠠᠨ ᠤ ᠨᠠᠮ ᠤᠨ ᠬᠤᠷᠢᠶ᠎ᠠ ᠪᠠ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠳ ᠢ ᠰᠠᠶᠢᠲᠤᠷ  ᠪᠡᠶᠡᠯᠡᠭᠦᠯᠦᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ      ︵ᠨᠢᠭᠡ︶ ᠶᠡᠷᠦᠩᠬᠡᠶᠢᠯᠡᠭᠰᠡᠨ ᠠᠯᠪᠠᠨ ᠭᠡᠷ      1᠂ ᠲᠣᠪᠴᠢᠶ᠎ᠠ ᠶᠢᠨ ᠡᠳᠦᠷ ᠲᠤᠳᠤᠮ ᠤᠨ ᠶᠠᠪᠤᠳᠠᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠭᠠᠳᠠᠭᠠᠳᠤ ᠲᠠᠢ ᠬᠠᠷᠢᠯᠴᠠᠬᠤ᠂ ᠭᠥᠯᠢᠶᠡᠨ ᠠᠪᠬᠤ ᠠᠵᠢᠯ᠂ ᠡᠯ᠎ᠡ ᠵᠦᠢᠯ ᠤᠨ ᠬᠤᠷᠠᠯ ᠢ  ᠵᠣᠬᠢᠶᠠᠨ ᠪᠠᠶᠢᠭᠤᠯᠤᠨ ᠵᠣᠬᠢᠴᠠᠭᠤᠯᠬᠤ᠂ ᠴᠢᠬᠤᠯᠠ ᠡᠬᠡ ᠪᠢᠴᠢᠭ ᠢ ᠲᠤᠭᠤᠷᠪᠢᠨ ᠪᠢᠴᠢᠬᠦ ᠵᠢᠴᠢ ᠵᠠᠰᠠᠭ ᠵᠠᠬᠢᠷᠭᠠᠨ ᠤ ᠠᠯᠪᠠᠨ ᠪᠢᠴᠢᠭ ᠢ ᠬᠤᠷᠢᠶᠠᠵᠤ ᠲᠠᠷᠬᠠᠭᠠᠬᠤ ᠪᠠ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠵᠤ᠂ ᠬᠤᠳᠠ ᠶᠢᠨ ᠬᠠᠮᠢᠶᠠᠷᠤᠯᠲᠠ ᠶᠢᠨ ᠲᠣᠭᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠣᠯᠣᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃      2᠂ ᠪᠢᠴᠢᠭ ᠬᠠᠷ᠎ᠠ᠂ ᠳᠠᠷᠤᠮᠠᠯᠯᠠᠯ᠂ ᠲᠠᠮᠠᠭ᠎ᠠ᠂ ᠨᠢᠭᠤᠴᠠ ᠴᠢᠬᠤᠯᠠ ᠮᠠᠲ᠋ᠧᠷᠢᠶᠠᠯ᠂ ᠨᠢᠭᠤᠴᠠ  ᠶᠢ ᠬᠠᠮᠠᠭᠠᠯᠠᠬᠤ ᠪᠠ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ᠂ ᠲᠣᠪᠴᠢᠶᠠᠨ ᠤ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠺᠠᠳ᠋ᠷ ᠠᠵᠢᠯᠲᠠᠨ ᠤ ᠶᠠᠪᠤᠳᠠᠯ ᠤᠨ ᠬᠥᠮᠦᠵᠢᠯ ᠪᠣᠯᠪᠠᠰᠤᠷᠠᠯ ᠤᠨ ᠠᠵᠢᠯ᠂ ᠺᠠᠳ᠋ᠷ ᠠᠵᠢᠯᠲᠠᠨ ᠤ ᠶᠠᠪᠤᠳᠠᠯ ᠬᠥᠳᠡᠯᠮᠦᠷᠢ ᠴᠠᠯᠢᠩ᠂ ᠬᠠᠷᠢᠶ᠎ᠠ ᠠᠵᠢᠯ ᠦᠢᠯᠡᠰ ‍ᠦᠨ‌ᠨᠢᠭᠡᠴᠢ ᠶᠢᠨ ᠭᠡᠷ᠎ᠡ ᠶᠢᠨ ᠳᠦᠷᠢᠮᠲᠦ ᠠᠵᠢᠯᠲᠠᠨ ᠤ ᠬᠠᠮᠢᠶᠠᠷᠤᠯᠲᠠ ᠶᠢᠨ ᠠᠵᠢᠯ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠵᠡᠷᠭᠡ ᠠᠵᠢᠯ ᠢ ᠬᠠᠷᠢᠭᠤᠴᠠᠵᠤ᠂ ᠬᠤᠳᠠ ᠶᠢᠨ ᠬᠠᠮᠢᠶᠠᠷᠤᠯᠲᠠ ᠶᠢᠨ ᠨᠢᠭᠡᠴᠢ ᠶᠢᠨ ᠠᠵᠢᠯ ᠤᠨ ᠪᠠᠶᠢᠴᠠᠭᠠᠯᠲᠠ᠂ ᠰᠢᠯᠭᠠᠨ ᠦᠨᠡᠯᠡᠯᠲᠡ ᠶᠢ ᠵᠣᠬᠢᠶᠠᠨ ᠪᠠᠶᠢᠭᠤᠯᠤᠨ᠎ᠠ᠃      3᠂ ᠰᠠᠬᠢᠯᠭ᠎ᠠ ᠪᠠᠲᠤ ᠠᠴᠠ ᠵᠥᠷᠢᠴᠡᠭᠰᠡᠨ ᠢᠯᠡᠴᠢᠯᠡᠨ ᠮᠡᠳᠡᠭᠦᠯᠦᠯᠲᠡ᠂ ᠭᠤᠮᠣᠳᠠᠯ ᠲᠣᠭᠠᠴᠢᠯᠲᠠ ᠶᠢ ᠬᠠᠷᠢᠭᠤᠴᠠᠨ ᠭᠥᠯᠢᠶᠡᠨ ᠠᠪᠴᠤ ᠰᠢᠢᠳᠪᠦᠷᠢᠯᠡᠵᠦ᠂ ᠰᠠᠬᠢᠯᠭ᠎ᠠ ᠪᠠᠲᠤ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠬᠤᠲᠠ ᠶᠢᠨ ᠬᠠᠮᠢᠶᠠᠷᠤᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠤᠰᠬᠠᠢ ᠪᠡᠯᠡ ᠮᠥᠩᠭᠦ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠵᠦ᠂ ᠡᠯ᠎ᠡ ᠲᠥᠷᠥᠯ ᠤᠨ ᠲᠤᠰᠬᠠᠢ ᠪᠡᠯᠡ ᠮᠥᠩᠭᠦ ᠶᠢᠨ ᠲᠥᠯᠥᠪᠯᠡᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠬᠠᠮᠢᠶᠠᠷᠤᠨ᠎ᠠ᠃      4᠂ ᠬᠤᠳᠠ ᠶᠢᠨ ᠬᠠᠮᠢᠶᠠᠷᠤᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠡᠯᠡ ᠮᠥᠩᠭᠦ ᠶᠢ ᠲᠡᠩᠴᠡᠭᠦᠯᠬᠦ ᠪᠠ ᠲᠥᠯᠥᠪᠯᠡᠭᠡ ᠪᠠᠷ ᠲᠣᠬᠢᠷᠠᠭᠤᠯᠬᠤ ᠠᠵᠢᠯ ᠢ ᠬᠠᠷᠢᠭᠤᠴᠠᠨ᠎ᠠ᠃      5᠂ ᠪᠥᠬᠦ ᠲᠠᠯ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠲᠣᠨᠤᠭ ᠲᠥᠬᠦᠭᠡᠷᠦᠮᠵᠢ ᠪᠠ ᠬᠤᠪᠴᠠᠰᠤ ᠬᠤᠨᠠᠷ ᠤᠨ ᠲᠥᠯᠥᠪᠯᠡᠭᠡ ᠶᠢᠨ ᠲᠣᠬᠢᠷᠠᠭᠤᠯᠤᠯᠲᠠ᠂ ᠬᠤᠳᠠᠯᠳᠤᠨ ᠠᠪᠴᠤ ᠲᠠᠷᠬᠠᠭᠠᠬᠤ ᠪᠠ ᠳ᠋ᠦᠩᠨᠡᠨ ᠪᠤᠳᠤᠬᠤ ᠠᠵᠢᠯ ᠢ ᠬᠠᠷᠢᠭᠤᠴᠠᠨ᠎ᠠ᠃      6᠂ ᠲᠣᠪᠴᠢᠶ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠰᠠᠯᠠᠭ᠎ᠠ ᠮᠥᠴᠢᠷ ᠤᠨ ᠡᠳ᠋ ᠤᠨ ᠶᠠᠪᠤᠳᠠᠯ᠂ ᠨᠢᠭᠲᠠᠯᠠᠨ ᠪᠤᠳᠤᠬᠤ᠂ ᠵᠠᠷᠤᠳᠠᠯ ᠵᠠᠷᠤᠯᠭ᠎ᠠ ᠵᠡᠷᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠺᠠᠳ᠋ᠷ ᠠᠵᠢᠯᠲᠠᠨ ᠤ ᠶᠠᠪᠤᠳᠠᠯ ᠤᠨ ᠬᠥᠮᠦᠵᠢᠯ ᠪᠣᠯᠪᠠᠰᠤᠷᠠᠯ ᠤᠨ ᠠᠵᠢᠯ ᠢ ᠬᠠᠷᠢᠭᠤᠴᠠᠬᠤ ᠶᠢᠨ ᠬᠠᠮᠲᠤ ᠲᠣᠪᠴᠢᠶᠠᠨ ᠤ ᠣᠨ ᠤ ᠡᠳ᠋ ᠤᠨ ᠵᠠᠰᠠᠭ ᠤᠨ ᠲᠥᠰᠥᠪ ᠤᠨ ᠲᠤᠰᠢᠶᠠᠯ ᠬᠠᠷᠢᠭᠤᠴᠠᠯᠭ᠎ᠠ ᠬᠢᠭᠡᠳ ᠡᠳ᠋ ᠤᠨ ᠶᠠᠪᠤᠳᠠᠯ ᠤᠨ ᠬᠠᠮᠢᠶᠠᠷᠤᠯᠲᠠ ᠵᠢᠴᠢ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠲᠣᠪᠴᠢᠶ᠎ᠠ ᠨᠢᠭᠡᠴᠢ ᠶᠢᠨ ᠬᠠᠤᠯᠢ ᠬᠡᠷᠡᠭᠵᠢᠭᠦᠯᠬᠦ ᠲᠡᠷᠭᠡ ᠬᠥᠰᠬᠡ ᠵᠢᠴᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠡᠷᠭᠡ ᠬᠥᠰᠬᠡ ᠶᠢᠨ ᠣᠨ ᠤ ᠪᠠᠶᠢᠴᠠᠭᠠᠯᠲᠠ᠂ ᠬᠢᠨᠠᠨ ᠪᠠᠶᠢᠴᠠᠭᠠᠯᠲᠠ᠂ ᠲᠡᠷᠭᠡ ᠬᠥᠰᠬᠡ ᠶᠢᠨ ᠰᠡᠯᠪᠢᠨ ᠵᠠᠰᠠᠯᠲᠠ ᠶᠢ ᠬᠠᠷᠢᠭᠤᠴᠠᠨ᠎ᠠ᠃      7᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠯ᠎ᠠ ᠶᠢᠨ ᠴᠢᠬᠤᠯᠠ ᠶᠡᠭᠡ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠠᠵᠢᠯ ᠢ ᠬᠠᠷᠢᠭᠤᠴᠠᠵᠤ᠂ ᠬᠤᠲᠠ ᠶᠢᠨ ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠰᠥᠯ ᠢ ᠲᠤᠭᠤᠷᠪᠢᠨ ᠪᠢᠴᠢᠨ᠎ᠡ︔ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠳᠦᠷᠢᠮ᠂ ᠵᠢᠷᠤᠮᠵᠢᠯ ᠪᠠ ᠳᠦᠷᠢᠮ ᠢ ᠲᠣᠭᠲᠠᠭᠠᠨ᠎ᠠ᠃ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠴᠢᠬᠤᠯᠠ ᠶᠡᠭᠡ ᠬᠡᠷᠡᠭ᠂ ᠰᠢᠶᠠᠨ ᠠᠯᠤᠰᠯᠠᠭᠰᠠᠨ ᠬᠡᠷᠡᠭ ᠵᠢᠴᠢ ᠳᠡᠭᠡᠳᠦ ᠱᠠᠲᠤᠨ ᠠᠴᠠ ᠲᠤᠰᠢᠶᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ︔ ᠡᠭᠦᠨ ᠤ ᠬᠠᠮᠲᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ᠎ᠠ︔ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠵᠢᠴᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃      8᠂ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠵᠢᠴᠢ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠤᠬᠠᠭᠤᠯᠬᠤ ᠠᠵᠢᠯ ᠢ ᠬᠠᠷᠢᠭᠤᠴᠠᠵᠤ᠂ ᠰᠢᠰᠲ᠋ᠧᠮ ᠤᠨ ᠳᠣᠲᠣᠷ᠎ᠠ ᠭᠠᠳᠠᠨᠠᠬᠢ ᠤᠬᠠᠭᠤᠯᠭ᠎ᠠ ᠬᠥᠮᠦᠵᠢᠯ ᠤᠨ ᠠᠵᠢᠯ ᠢ ᠡᠭᠦᠷᠭᠡᠯᠡᠨ᠎ᠡ᠃ ᠪᠦᠬᠦ ᠲᠠᠯ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠲᠤᠰ ᠰᠢᠰᠲ᠋ᠧᠮ ᠤᠨ ᠴᠢᠬᠤᠯᠠ ᠶᠡᠭᠡ ᠨᠡᠶᠢᠭᠡᠮ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠪᠣᠯᠣᠨ ᠲᠡᠷᠢᠭᠦᠨ ᠤ ᠥᠢᠯᠡ ᠠᠵᠢᠯᠯᠠᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠬᠤᠳᠠ ᠶᠢᠨ ᠬᠠᠮᠢᠶᠠᠷᠤᠯᠲᠠ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠤᠨ  ᠤᠬᠠᠭᠤᠯᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠥᠳᠡᠯᠮᠦᠷᠢ ᠪᠣᠯᠣᠨ ᠰᠠᠶᠢᠨ ᠳᠤᠷ᠎ᠠ ᠶᠢᠨ ᠠᠵᠢᠯᠯᠠᠭᠰᠠᠳ ᠤᠨ ᠦᠢᠯᠡᠴᠢᠯᠡᠭᠡᠨ ᠤ ᠠᠵᠢᠯᠯᠠᠭ᠎ᠠ ᠵᠢᠴᠢ ᠡᠯ᠎ᠡ ᠱᠠᠲᠤᠨ ᠤ ᠡᠯ᠎ᠡ ᠲᠥᠷᠥᠯ ᠤᠨ ᠰᠠᠨᠠᠭᠤᠯᠭ᠎ᠠ᠂ ᠰᠠᠨᠠᠯ ᠳᠤᠷᠠᠳᠤᠯᠭ᠎ᠠ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ᠂ ᠰᠢᠮᠳᠠᠭᠤᠯᠤᠨ ᠰᠢᠢᠳᠪᠦᠷᠢᠯᠡᠭᠦᠯᠬᠦ᠂ ᠨᠠᠶᠢᠳᠠᠪᠤᠷᠢᠵᠢᠭᠤᠯᠬᠤ ᠪᠠ ᠪᠠᠶᠢᠳᠠᠯ ᠢ ᠬᠠᠷᠢᠭᠤ ᠲᠤᠰᠬᠠᠬᠤ ᠠᠵᠢᠯ ᠢ ᠰᠠᠶᠢᠲᠤᠷ ᠬᠢᠨ᠎ᠡ᠃      9᠂ ᠬᠤᠲᠠ ᠶᠢᠨ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠤᠨ ᠵᠢᠷᠤᠮᠵᠢᠯ ᠢ ᠲᠣᠭᠲᠠᠭᠠᠬᠤ ᠶᠢ ᠬᠠᠷᠢᠭᠤᠴᠠᠨ᠎ᠠ᠃ ᠬᠤᠳᠠ ᠶᠢᠨ ᠬᠠᠮᠢᠶᠠᠷᠤᠯᠲᠠ ᠪᠣᠯᠣᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠬᠢᠭᠡᠳ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃      10᠂ ᠪᠦᠬᠦ ᠰᠢᠶᠠᠨ ᠤ ᠬᠤᠳᠠ ᠶᠢᠨ ᠬᠠᠮᠢᠶᠠᠷᠤᠯᠲᠠ ᠪᠠ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠶᠢᠨ ᠠᠵᠢᠯ ᠢ ᠬᠠᠷᠢᠭᠤᠴᠠᠨ᠎ᠠ᠃ ᠪᠥᠬᠦ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃      11᠂ ᠬᠤᠲᠠ ᠶᠢᠨ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠭᠦᠯᠬᠦ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠳᠠ ᠶᠢᠨ ᠬᠠᠮᠢᠶᠠᠷᠤᠯᠲᠠ ᠪᠠ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠤᠨ ᠪᠡᠷᠬᠡ ᠰᠡᠳᠦᠪ ᠢ ᠰᠢᠢᠳᠪᠦᠷᠢᠯᠡᠬᠦ᠂ ᠦᠷ᠎ᠡ ᠪᠦᠲᠦᠭᠡᠯ ᠢ ᠳᠡᠯᠭᠡᠷᠡᠭᠦᠯᠬᠦ ᠪᠠ ᠰᠢᠨ᠎ᠡ ᠮᠡᠷᠭᠡᠵᠢᠯ ᠢ ᠣᠷᠣᠭᠤᠯᠵᠤ ᠠᠪᠴᠢᠷᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃      12᠂ ᠣᠲᠣ ᠦᠶ᠎ᠡ ᠶᠢᠨ ᠲᠣᠭᠠᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠵᠤ᠂ ᠬᠤᠲᠠ ᠶᠢᠨ ᠬᠠᠮᠢᠶᠠᠷᠤᠯᠲᠠ ᠶᠢᠨ ᠲᠣᠭᠠᠵᠢᠭᠤᠯᠬᠤ᠂ ᠨᠠᠷᠢᠯᠢᠭᠵᠢᠭᠤᠯᠬᠤ᠂ ᠣᠶᠤᠨᠵᠢᠭᠤᠯᠬᠤ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠠᠬᠢᠭᠤᠯᠬᠤ ᠶᠢ ᠬᠠᠷᠢᠭᠤᠴᠠᠨ᠎ᠠ᠃      13᠂ ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠰᠠᠶᠢᠲᠤᠷ ᠪᠡᠶᠡᠯᠡᠭᠦᠯᠦᠨ᠎ᠡ᠃      ︵ᠬᠤᠶᠠᠷ︶ ᠬᠤᠲᠠ ᠶᠢᠨ ᠦᠵᠡᠮᠵᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠠᠰᠤᠭ      1᠂ ᠪᠠᠯᠭᠠᠰᠤᠨ ᠤ ᠳᠣᠲᠣᠷᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠠᠯᠭᠠᠰᠤᠨ ᠤ ᠳᠣᠲᠣᠷᠠᠬᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ ᠶᠢ ᠰᠢᠯᠭᠠᠨ ᠠᠪᠬᠤ᠂ ᠰᠢᠯᠵᠢᠭᠦᠯᠦᠨ ᠲᠤᠰᠢᠶᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠶᠢᠨ ᠪᠠᠷᠢᠯᠭ᠎ᠠ ᠶᠢ ᠬᠤᠪᠢᠷᠠᠭᠤᠯᠬᠤ᠂ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠬᠢᠨᠠᠨ ᠪᠠᠶᠢᠴᠠᠭᠠᠵᠤ ᠵᠥᠪᠰᠢᠶᠡᠷᠡᠨ᠂ ᠪᠠᠯᠭᠠᠰᠤᠨ ᠤ ᠳᠣᠲᠣᠷᠠᠬᠢ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠵᠣᠬᠢᠴᠠᠭᠤᠯᠵᠤ᠂ ᠪᠠᠯᠭᠠᠰᠤᠨ ᠤ ᠳᠣᠲᠣᠷᠠᠬᠢ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ᠂ ᠬᠤᠭᠤᠯᠠᠨ ᠭᠡᠷ ᠤᠨ ᠬᠤᠭ ᠨᠣᠪᠰᠢ ᠶᠢ ᠴᠤᠭᠯᠠᠭᠤᠯᠬᠤ᠂ ᠴᠡᠪᠡᠷᠯᠡᠨ ᠲᠡᠭᠡᠭᠡᠪᠦᠷᠢᠯᠡᠬᠦ ᠂ ᠴᠢᠳᠬᠤᠬᠤ᠂ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠳᠡᠭᠦᠯᠬᠦ ᠠᠵᠢᠯ ᠵᠢᠴᠢ ᠪᠠᠷᠢᠯᠭ᠎ᠠ ᠶᠢᠨ ᠬᠤᠭ ᠨᠣᠪᠰᠢ  ᠶᠢ ᠴᠡᠪᠡᠷᠯᠡᠨ ᠲᠡᠭᠡᠭᠡᠪᠦᠷᠢᠯᠡᠬᠦ᠂ ᠰᠢᠢᠳᠪᠦᠷᠢᠯᠡᠬᠦ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠵᠥᠪᠰᠢᠶᠡᠷᠡᠬᠦ ᠪᠠ ᠬᠤᠭ ᠰᠢᠷᠣᠢ ᠶᠢ ᠲᠡᠭᠡᠭᠡᠪᠦᠷᠢᠯᠡᠬᠦ᠂ ᠰᠢᠩᠭᠡᠬᠡᠨ ᠠᠪᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      2᠂ ᠬᠤᠲᠠ ᠶᠢᠨ ᠲᠥᠯᠦᠪᠵᠢᠭᠦᠯᠭᠡ ᠶᠢᠨ ᠲᠣᠭᠤᠷᠢᠭ ᠤᠨ ᠬᠡᠪᠴᠢᠶᠡᠨ ᠳᠠᠬᠢ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠤᠲᠠ ᠶᠢᠨ ᠭᠤᠣᠯ ᠤᠨ ᠵᠠᠮ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠬᠤᠲᠠ ᠶᠢᠨ ᠡᠯ᠎ᠡ ᠲᠥᠷᠥᠯ ᠤᠨ ᠪᠠᠷᠢᠯᠭ᠎ᠠ ᠶᠢᠨ ᠭᠠᠵᠠᠷ ᠤᠨ ᠪᠣᠯᠪᠠᠰᠤᠨ ᠢᠶᠠᠷ ᠪᠠᠷᠢᠯᠭ᠎ᠠ ᠪᠠᠷᠢᠬᠤ ᠬᠠᠮᠢᠶᠠᠷᠤᠯᠲᠠ ᠶᠢᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠶᠢ ᠬᠠᠷᠢᠭᠤᠴᠠᠵᠤ᠂ ᠪᠥᠬᠦ ᠰᠢᠶᠠᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠶᠡᠷᠦᠩᠬᠡᠢ ᠲᠥᠯᠦᠪᠵᠢᠭᠦᠯᠭᠡ ᠪᠠ ᠬᠠᠮᠢᠶ᠎ᠠ ᠪᠦᠬᠦᠢ ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠠᠳᠠᠯ ᠠᠬᠤᠢ ᠶᠢᠨ ᠠᠵᠢᠯ ᠲᠥᠷᠥᠯ ᠤᠨ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃      3᠂ ᠪᠦᠬᠦ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠪᠠ ᠳᠤᠮᠳᠠ᠂ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ᠂ ᠣᠨ ᠤ ᠲᠥᠯᠥᠪᠯᠡᠭᠡ ᠶᠢ ᠬᠠᠷᠢᠭᠤᠴᠠᠨ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠳᠠ ᠶᠢᠨ ᠬᠠᠮᠢᠶᠠᠷᠤᠯᠲᠠ ᠶᠢᠨ ᠮᠡᠷᠭᠡᠵᠢᠯ ᠢ ᠣᠷᠣᠭᠤᠯᠤᠨ ᠠᠪᠴᠢᠷᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠵᠢᠯᠤᠭᠤᠳᠴᠤ᠂ ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠬᠡᠷᠡᠭᠵᠢᠭᠦᠯᠵᠦ᠂ ᠪᠦᠬᠦ ᠰᠢᠶᠠᠨ ᠤ ᠬᠤᠳᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ ᠬᠠᠷᠢᠭᠤᠴᠠᠵᠤ᠂ ᠬᠤᠳᠠ ᠶᠢᠨ ᠬᠠᠮᠢᠶᠠᠷᠤᠯᠲᠠ ᠶᠢᠨ ᠠᠵᠢᠯ ᠲᠦᠷᠦᠯ ᠤᠨ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃      4᠂ ᠬᠤᠲᠠ ᠶᠢᠨ ᠳᠦᠷᠢ ᠲᠥᠷᠬᠦ ᠶᠢᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠪᠠᠷᠢᠮᠵᠢᠶ᠎ᠠ ᠶᠢᠨ ᠵᠢᠷᠤᠮᠵᠢᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠥᠬᠦ ᠬᠤᠲᠠ ᠶᠢᠨ ᠬᠤᠲᠠ ᠶᠢᠨ ᠳᠦᠷᠰᠦ ᠪᠠᠶᠢᠳᠠᠯ ᠢ ᠨᠢᠭᠡᠳᠦᠯᠲᠡᠢ ᠲᠥᠯᠥᠪᠯᠡᠨ ᠬᠠᠮᠢᠶᠠᠷᠬᠤ ᠶᠢ ᠬᠠᠷᠢᠭᠤᠴᠠᠵᠤ᠂ ᠪᠥᠬᠦ ᠬᠤᠲᠠ ᠶᠢᠨ ᠬᠤᠲᠠ ᠶᠢᠨ ᠳᠦᠷᠰᠦ ᠪᠠᠶᠢᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠵᠢᠯᠤᠭᠤᠳᠴᠤ᠂ ᠬᠢᠨᠠᠯᠲᠠ ᠲᠠᠯᠪᠢᠵᠤ᠂ ᠵᠣᠬᠢᠴᠠᠭᠤᠯᠤᠨ᠎ᠠ᠃ ᠣᠷᠣᠰᠢᠭᠤᠯᠭ᠎ᠠ ᠶᠢᠨ ᠬᠠᠮᠢᠶᠠᠷᠤᠯᠲᠠ ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠡᠪᠳᠡᠭᠰᠡᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ᠃      5᠂ ᠪᠥᠬᠦ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠪᠥᠬᠦ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠬᠤ᠂ ᠵᠢᠯᠤᠭᠤᠳᠬᠤ᠂ ᠵᠣᠬᠢᠴᠠᠭᠤᠯᠬᠤ ᠶᠢ ᠬᠠᠷᠢᠭᠤᠴᠠᠨ᠎ᠠ᠃ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ᠂ ᠬᠤᠭᠤᠯᠠᠨ ᠭᠡᠷ ᠤᠨ ᠬᠤᠭ ᠨᠣᠪᠰᠢ ᠶᠢ ᠴᠤᠭᠯᠠᠭᠤᠯᠬᠤ᠂ ᠴᠡᠪᠡᠷᠯᠡᠨ ᠲᠡᠭᠡᠭᠡᠪᠦᠷᠢᠯᠡᠬᠦ᠂ ᠴᠢᠳᠬᠤᠬᠤ᠂ ᠰᠢᠢᠳᠪᠦᠷᠢᠯᠡᠬᠦ ᠵᠢᠴᠢ ᠡᠮᠴᠢᠯᠡᠭᠡᠨ ᠤ ᠬᠤᠭ ᠨᠣᠪᠰᠢ ᠶᠢ ᠰᠢᠢᠳᠪᠦᠷᠢᠯᠡᠬᠦ ᠶᠢᠨ ᠬᠠᠮᠲᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠢ ᠪᠣᠯᠭᠠᠬᠤ ᠠᠵᠢᠯ ᠢ ᠬᠠᠷᠢᠭᠤᠴᠠᠵᠤ᠂ ᠬᠤᠭ ᠨᠣᠪᠰᠢ ᠰᠢᠢᠳᠪᠦᠷᠢᠯᠡᠬᠦ ᠪᠡᠯᠡᠳᠬᠡᠮᠵᠢ ᠶᠢᠨ ᠡᠵᠡᠩᠨᠡᠯᠲᠡ ᠳᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠠᠷᠢᠯᠭ᠎ᠠ ᠶᠢᠨ ᠬᠤᠭ ᠨᠣᠪᠰᠢ᠂ ᠬᠤᠭ ᠰᠢᠷᠣᠢ ᠵᠥᠭᠡᠭᠡᠪᠦᠷᠢᠯᠡᠬᠦ᠂ ᠰᠢᠩᠭᠡᠭᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠲᠥᠬᠦᠭᠡᠷᠦᠮᠵᠢ᠂ ᠮᠠᠰᠢᠨ ᠪᠠᠭᠠᠵᠢ᠂ ᠲᠡᠷᠭᠡ ᠬᠥᠰᠬᠡ ᠪᠣᠯᠣᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠢ ᠵᠢᠭᠰᠠᠭᠠᠨ ᠨᠠᠶᠢᠷᠠᠭᠤᠯᠬᠤ᠂ ᠰᠢᠨᠡᠳᠬᠡᠬᠦ ᠪᠠ ᠨᠥᠬᠦᠪᠦᠷᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠬᠠᠷᠢᠭᠤᠴᠠᠨ᠎ᠠ᠃      6᠂ ᠬᠤᠲᠠ ᠶᠢᠨ ᠡᠯ᠎ᠡ ᠲᠥᠷᠥᠯ ᠤᠨ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠶᠢᠨ ᠣᠷᠣᠨ ᠪᠦᠰᠡ ᠶᠢ ᠬᠦᠷᠢᠶᠡᠯᠡᠨ ᠬᠠᠰᠢᠬᠤ᠂ ᠬᠠᠯᠴᠠᠭᠠᠢ ᠰᠢᠷᠣᠢ ᠵᠢᠴᠢ ᠪᠣᠳᠠᠰ ᠤᠨ ᠮᠠᠲ᠋ᠧᠷᠢᠶᠠᠯ ᠢ ᠣᠪᠣᠭᠠᠯᠠᠨ ᠲᠠᠯᠪᠢᠬᠤ ᠶᠢ ᠪᠦᠷᠬᠦᠬᠦ᠂ ᠪᠠᠷᠢᠯᠭ᠎ᠠ ᠶᠢᠨ ᠭᠠᠵᠠᠷ ᠤᠨ ᠤᠰᠤ ᠰᠦᠷᠴᠢᠨ ᠱᠦᠭᠦᠷᠳᠡᠬᠦ᠂ ᠣᠷᠣᠵᠤ ᠭᠠᠷᠬᠤ ᠲᠡᠷᠭᠡ ᠬᠥᠰᠬᠡ ᠶᠢ ᠤᠬᠢᠶᠠᠬᠤ᠂ ᠪᠠᠷᠢᠯᠭ᠎ᠠ ᠶᠢᠨ ᠵᠠᠮ ᠢ ᠬᠠᠲᠠᠭᠤᠷᠠᠭᠤᠯᠬᠤ᠂ ᠬᠤᠭ ᠰᠢᠷᠣᠢ ᠶᠢᠨ ᠲᠡᠷᠭᠡ ᠬᠥᠰᠬᠡ ᠶᠢ ᠪᠢᠲᠡᠭᠦᠮᠵᠢᠯᠡᠬᠦ ᠪᠠᠷᠢᠮᠵᠢᠶ᠎ᠠ ᠶᠢᠨ ᠵᠢᠷᠤᠮᠵᠢᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃      7᠂ ᠪᠠᠶᠢᠭᠤᠯᠤᠭᠰᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠤᠯᠤᠭᠰᠠᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠡᠯᠡᠳᠬᠡᠮᠵᠢ ︵ᠰᠢᠨ᠎ᠡ ᠪᠠᠷ ᠪᠠᠶᠢᠭᠤᠯᠬᠤ᠂ ᠶᠡᠭᠡ ᠳᠤᠮᠳᠠ ᠰᠡᠯᠪᠢᠨ ᠵᠠᠰᠠᠬᠤ᠂ ᠪᠠᠬᠢᠵᠢᠭᠦᠯᠬᠦ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠪᠠᠭᠲᠠᠨ᠎ᠠ︶ ᠶᠢ ᠪᠠᠶᠢᠭᠤᠯᠬᠤ ᠶᠢᠨ ᠬᠠᠮᠲᠤ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠪᠠᠶᠢᠭᠤᠯᠤᠭᠰᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠶᠢᠨ ᠢᠨᠵᠧᠨᠧᠷᠢᠩ ᠢ ᠬᠤᠪᠢᠷᠠᠭᠤᠯᠬᠤ᠂ ᠦᠨᠡᠯᠡᠨ ᠵᠢᠱᠢᠬᠦ᠂ ᠮᠡᠷᠭᠡᠵᠢᠯ ᠤᠨ ᠥᠭᠡᠷᠡᠴᠢᠯᠡᠯᠲᠡ ᠬᠢᠬᠦ ᠵᠡᠷᠭᠡ ᠶᠢ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠨ᠎ᠡ᠃      8᠂ ᠬᠤᠲᠠ ᠶᠢᠨ ᠣᠯᠠᠨ ᠨᠡᠶᠢᠲᠡ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ ᠪᠠᠷᠢᠯᠭ᠎ᠠ ᠶᠢᠨ ᠪᠣᠰᠤᠭ᠎ᠠ ᠲᠠᠯ᠎ᠠ ᠪᠠ ᠪᠠᠷᠢᠯᠭ᠎ᠠ ᠶᠢᠨ ᠥᠩᠭᠡ ᠪᠤᠳᠤᠭ ᠢ ᠵᠥᠪᠰᠢᠶᠡᠷᠡᠭᠰᠡᠨ ᠤ ᠳᠠᠷᠠᠭ᠎ᠠ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠪᠠᠶᠢᠭᠤᠯᠤᠭᠰᠠᠨ ᠲᠣᠭᠤᠷᠢᠭ ᠤᠨ ᠬᠡᠪᠴᠢᠶᠡᠨ ᠳᠣᠲᠣᠷᠠᠬᠢ ᠭᠡᠷ ᠤᠨ ᠭᠠᠳᠠᠨᠠᠬᠢ ᠵᠠᠷ ᠮᠡᠳᠡᠭᠡ ᠶᠢᠨ ᠪᠡᠯᠡᠳᠬᠡᠮᠵᠢ᠂ ᠬᠤᠳᠠᠯᠳᠤᠭᠠᠨ ᠤ᢭ᠫᠠᠶᠢᠰᠠ ᠪᠣᠯᠣᠨ ᠵᠢᠭᠠᠯᠲᠠ ᠶᠢᠨ᢭ᠫᠠᠶᠢᠰᠠ ᠪᠠᠶᠢᠷᠢᠯᠠᠭᠤᠯᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃      9᠂ ᠪᠥᠬᠦ ᠰᠢᠶᠠᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠶᠡᠷᠦᠩᠬᠡᠢ ᠲᠥᠯᠦᠪᠵᠢᠭᠦᠯᠭᠡ ᠪᠠ ᠬᠠᠮᠢᠶ᠎ᠠ ᠪᠦᠬᠦᠢ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠵᠤ᠂ ᠵᠢᠷᠤᠮᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠠᠳᠠᠯ ᠠᠬᠤᠢ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠲᠠ᠂ ᠠᠳᠠᠯ ᠠᠬᠤᠢ ᠶᠢᠨ ᠲᠤᠰᠢᠶᠠᠨ ᠬᠡᠷᠡᠭᠯᠡᠭᠦᠯᠬᠦ ᠶᠢ ᠳᠠᠭᠠᠭᠠᠨ ᠠᠪᠴᠤ ᠪᠠᠶᠢᠴᠠᠭᠠᠬᠤ᠂ ᠠᠳᠠᠯ ᠠᠬᠤᠢ ᠳᠤ ᠬᠡᠷᠡᠭᠯᠡᠬᠦ ᠭᠡᠷ ᠪᠠᠶᠢᠰᠢᠩ ᠢ ᠦᠯᠡᠳᠡᠭᠡᠨ ᠲᠠᠯᠪᠢᠬᠤ ᠪᠠ ᠬᠠᠮᠢᠶᠠᠷᠬᠤ ᠶᠢ ᠬᠠᠷᠢᠭᠤᠴᠠᠨ᠎ᠠ᠃ ᠥᠮᠴᠢᠲᠡᠨ ᠤ ᠵᠥᠪᠯᠡᠯ ᠢ ᠪᠠᠶᠢᠭᠤᠯᠬᠤ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠪᠥᠬᠦ ᠰᠢᠶᠠᠨ ᠤ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠬᠤᠲᠠ ᠶᠢᠨ ᠬᠠᠮᠢᠶᠠᠷᠤᠯᠲᠠ ᠶᠢᠨ ᠠᠵᠢᠯ ᠲᠥᠷᠥᠯ ᠤᠨ ᠨᠡᠶᠢᠭᠡᠮᠯᠢᠭ ᠤᠨ ᠠᠵᠢᠯ ᠢ ᠬᠠᠷᠢᠭᠤᠴᠠᠨ ᠵᠢᠯᠣᠭᠤᠳᠤᠨ᠎ᠠ᠃      10᠂ ᠪᠠᠯᠭᠠᠰᠤᠨ ᠤ ᠳᠣᠲᠣᠷᠠᠬᠢ ᠵᠠᠮ ᠤᠨ ᠴᠢᠯᠠᠭᠤ ᠳᠠᠭᠠᠤ ᠠᠴᠠ ᠳᠡᠭᠡᠭᠰᠢᠬᠢ ᠨᠢ ᠵᠥᠪᠰᠢᠶᠡᠷᠡᠯ ᠣᠯᠣᠭᠰᠠᠨ ᠦᠭᠡᠢ᠂ ᠵᠥᠪᠰᠢᠶᠡᠷᠡᠯ ᠤᠨ ᠱᠠᠭᠠᠷᠳᠠᠯᠭ᠎ᠠ ᠶᠣᠰᠣᠭᠠᠷ ᠲᠡᠷᠭᠡᠨ ᠵᠣᠭᠰᠣᠭᠠᠯ ︵ᠴᠡᠭ︶ ᠭᠠᠷᠭᠠᠭᠰᠠᠨ ᠦᠭᠡᠢ ᠪᠠ ᠲᠣᠭᠲᠠᠭᠠᠯ ᠶᠣᠰᠣᠭᠠᠷ ᠲᠡᠷᠭᠡ ᠬᠥᠰᠬᠡ ᠵᠣᠭᠰᠣᠭᠠᠭᠰᠠᠨ ᠦᠭᠡᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      11᠂ ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠤᠨ ᠡᠯ᠎ᠡ ᠲᠥᠷᠥᠯ ᠤᠨ ᠦᠨᠡᠮᠯᠡᠯ ᠦᠭᠡᠢ ᠪᠠᠷ ᠡᠵᠡᠩᠨᠡᠬᠦ ᠦᠶᠯᠡ ᠠᠵᠢᠯᠯᠠᠭ᠎ᠠ ᠪᠠ ᠨᠢᠭᠡᠨᠲᠡ ᠡᠵᠡᠩᠨᠡᠯᠲᠡ ᠶᠢᠨ ᠵᠥᠪᠰᠢᠶᠡᠷᠡᠯ ᠣᠯᠣᠭᠰᠠᠨ ᠪᠣᠯᠪᠠᠴᠤ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠬᠦ ᠡᠷᠬᠡ ᠶᠢ ᠬᠡᠷᠡᠭᠵᠢᠭᠦᠯᠦᠨ᠎ᠡ᠃      12᠂ ᠪᠠᠶᠢᠭᠤᠯᠤᠭᠰᠠᠨ ᠲᠣᠭᠤᠷᠢᠭ ᠤᠨ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠠᠵᠤ ᠦᠢᠯᠡᠳᠪᠦᠷᠢ ᠶᠢᠨ ᠲᠥᠷᠥᠯ ᠵᠦᠢᠯ᠂ ᠰᠠᠭᠤᠭᠠᠯᠢ ᠠᠷᠠᠳ ᠤᠨ ᠬᠡᠷᠡᠭᠯᠡᠬᠦ ᠤᠰᠤ ᠪᠠᠭᠲᠠᠬᠤ ᠦᠭᠡᠢ︶ ᠤᠨ ᠵᠥᠪᠰᠢᠶᠡᠷᠡᠯ ᠣᠯᠣᠭᠰᠠᠨ ᠦᠭᠡᠢ ᠪᠠᠷ ᠪᠠᠷᠢᠯᠭ᠎ᠠ ᠪᠠᠷᠢᠬᠤ ᠳᠤ ᠤᠰᠤ ᠬᠡᠷᠡᠭᠯᠡᠬᠦ᠂ ᠤᠰᠤ ᠲᠠᠲᠠᠬᠤ᠂ ᠤᠰᠤ ᠵᠠᠯᠠᠬᠤ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠬᠤᠲᠠ ᠶᠢᠨ ᠭᠤᠣᠯ ᠤᠨ ᠵᠠᠮ ᠳᠤ ᠬᠠᠶᠠᠭᠳᠠᠮᠠᠯ ᠪᠣᠳᠠᠰ᠂ ᠬᠤᠭ ᠨᠣᠪᠰᠢ ᠴᠢᠳᠬᠤᠬᠤ ᠪᠠ ᠲᠣᠭᠲᠠᠭᠠᠯ ᠠᠴᠠ ᠵᠥᠷᠢᠴᠡᠨ ᠡᠯᠡᠰᠦ ᠮᠠᠯᠲᠠᠵᠤ ᠰᠢᠷᠣᠢ ᠠᠪᠬᠤ ᠵᠢᠴᠢ ᠬᠤᠲᠠ ᠶᠢᠨ ᠭᠤᠣᠯ ᠤᠨ ᠵᠠᠮ ᠳᠤ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠵᠡᠷᠭᠡ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠬᠦ ᠡᠷᠬᠡ ᠶᠢ ᠬᠡᠷᠡᠭᠵᠢᠭᠦᠯᠦᠨ᠎ᠡ᠃      13᠂ ᠵᠠᠰᠠᠭ ᠤᠨ ᠣᠷᠳᠣᠨ ᠤ ᠨᠥᠭᠡᠴᠡᠯᠡᠭᠰᠡᠨ ᠭᠠᠵᠠᠷ ᠰᠢᠷᠣᠢ ᠳᠡᠭᠡᠷ᠎ᠡ ᠳᠤᠷ᠎ᠠ ᠪᠠᠷ ᠢᠶᠠᠨ ᠬᠤᠭ ᠨᠣᠪᠰᠢ ᠬᠠᠶᠠᠬᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠵᠡᠷᠭᠡ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃      14᠂ ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠰᠠᠶᠢᠲᠤᠷ ᠪᠡᠶᠡᠯᠡᠭᠦᠯᠦᠨ᠎ᠡ᠃      ︵ᠭᠤᠷᠪᠠ︶ ᠪᠠᠶᠢᠭᠤᠯᠭ᠎ᠠ ᠶᠢᠨ ᠨᠠᠮ ᠤᠨ ᠡᠭᠦᠷ      ᠪᠠᠶᠢᠭᠤᠯᠭ᠎ᠠ ᠶᠢᠨ ᠨᠠᠮ ᠪᠠ ᠣᠯᠠᠨ ᠲᠦᠮᠡᠨ ᠤ ᠠᠵᠢᠯ ᠢ ᠬᠠᠷᠢᠭᠤᠴᠠᠨ᠎ᠠ᠃      ᠦᠴᠦᠸᠠᠨ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠣᠷᠣᠨ ᠲᠤᠭ᠎ᠠ 5 ᠬᠥᠮᠥᠨ᠃ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 2 ᠬᠥᠮᠥᠨ᠃      ᠦᠴᠦᠸᠠᠨ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃      ᠭᠤᠷᠪᠠ᠂ ᠠᠵᠢᠯᠯᠠᠬᠤ ᠬᠠᠶ᠋ᠢᠭ      ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠶᠢᠩ ᠪᠢᠨ ᠵᠠᠮ ᠤᠨ ᠵᠡᠭᠦᠨ ᠲᠠᠯ᠎ᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠯᠪᠠᠨ ᠠᠰᠠᠷ      ᠳᠥᠷᠪᠡ᠂ ᠠᠵᠢᠯᠯᠠᠬᠤ ᠴᠠᠭ      ᠠᠵᠢᠯᠯᠠᠬᠤ ᠡᠳᠦᠷ ᠤᠨ 8᠄ 30 -- 12᠄ 00 14᠄ 30 -- 17᠄ 30      ᠲᠠᠪᠤ᠂ ᠬᠠᠷᠢᠯᠴᠠᠬᠤ ᠤᠲᠠᠰᠤ᠄ 0471 ︱ 8813722      ᠵᠢᠷᠭᠤᠭ᠎ᠠ᠂ ᠬᠠᠷᠢᠭᠤᠴᠠᠯᠭᠠᠲᠠᠨ᠄ ᠭᠦᠥᠸ᠋ ᠵᠦᠩ ᠳ᠋ᠦᠩ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号