- ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠳᠤᠮᠳᠠᠳᠤ | ᠤᠯᠤᠰ ᠤᠨ ᠥᠪᠥᠷ ᠮᠣᠩᠭᠤᠯ - ᠳᠤᠮᠳᠠᠳᠤ ᠠᠽᠢᠶ᠎ᠠ ᠶᠢᠨ ᠲᠠᠪᠤᠨ ᠤᠯᠤᠰ ᠤᠨ ᠠᠵᠤ ᠠᠬᠤᠢ ᠠᠷᠠᠯᠵᠢᠶᠠᠨ ᠤ | ᠬᠠᠮᠲᠤᠷᠠᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠤᠨ ᠲᠠᠲᠠᠯᠠᠭ᠎ᠠ | ᠨᠡᠭᠡᠭᠡᠯᠲᠡᠲᠤ ᠰᠢᠨ᠎ᠡ ᠪᠠᠶᠢᠷᠢᠰᠢᠯ ᠢ ᠬᠠᠮᠲᠤ ᠪᠠᠷ ᠪᠠᠶᠢᠭᠤᠯᠵᠤ᠂ ᠬᠥᠭᠵᠢᠯᠲᠡ ᠶᠢᠨ ᠰᠢᠨ᠎ᠡ ᠲᠣᠭᠢᠶᠠᠯ ᠢ | ᠬᠠᠮᠲᠤ ᠪᠠᠷ ᠡᠳ᠋ᠯᠡᠨ᠎ᠡ᠃ 9 ᠰᠠᠷ᠎ᠠ ᠶᠢᠨ 7 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ | ᠦᠵᠡᠰᠭᠦᠯᠡᠩ ᠤᠨ ᠴᠤᠭᠯᠠᠭᠠᠨ ᠤ ᠰᠢᠷᠢᠰ ᠠᠵᠢᠯᠯᠠᠭ᠎ᠠ ᠶᠢᠨ ᠨᠢᠭᠡ ᠪᠤᠯᠬᠤ ︽ᠳᠤᠮᠳᠠᠳᠤ ᠠᠽᠢᠶ᠎ᠠ ᠲᠠᠢ ᠬᠠᠮᠲᠤᠷᠠᠯᠴᠠᠨ᠂ | ᠬᠠᠮᠲᠤ ᠶᠢᠨ ᠢᠷᠡᠭᠡᠳᠦᠢ ᠶᠢ ᠴᠣᠭᠴᠠᠯᠠᠶ᠎ᠠ︾ ᠭᠡᠬᠦ ᠭᠤᠣᠯ ᠰᠡᠳᠦᠪ ᠲᠠᠢ ᠳᠤᠮᠳᠠᠳᠤ ᠤᠯᠤᠰ ᠤᠨ ᠥᠪᠥᠷ ᠮᠣᠩᠭᠤᠯ | - ᠳᠤᠮᠳᠠᠳᠤ ᠠᠽᠢᠶ᠎ᠠ ᠶᠢᠨ ᠲᠠᠪᠤᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠰᠤᠳᠤᠯᠤᠨ | ᠶᠠᠷᠢᠯᠴᠠᠬᠤ ᠬᠤᠷᠠᠯ ᠭᠦᠭᠡᠬᠤᠲᠠ ᠳᠤ ᠠᠮᠵᠢᠯᠲᠠ ᠲᠠᠢ ᠬᠤᠷᠠᠯᠳᠤᠪᠠ᠃ | ᠥᠪᠥᠷ ᠮᠣᠩᠭᠤᠯ ᠬᠢᠭᠡᠳ ᠳᠤᠮᠳᠠᠳᠤ ᠠᠽᠢᠶ᠎ᠠ ᠶᠢᠨ ᠲᠠᠪᠤᠨ ᠤᠯᠤᠰ ᠤᠨ ᠰᠣᠯᠢᠯᠴᠠᠭ᠎ᠠ ᠶᠠᠪᠤᠯᠴᠠᠭ᠎ᠠ ᠶᠢ | ᠴᠢᠩᠭᠠᠳᠬᠠᠵᠤ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠠᠬᠢᠭᠤᠯᠬᠤ ᠪᠠᠷ ᠵᠣᠷᠢᠯᠲᠠ ᠪᠠᠨ ᠪᠤᠯᠭᠠᠬᠰᠠᠨ | ᠡᠨᠡ ᠬᠦ ᠬᠤᠷᠠᠯ ᠳᠤ᠂ ᠳᠤᠮᠳᠠᠳᠤ ᠠᠽᠢᠶ᠎ᠠ ᠶᠢᠨ ᠲᠠᠪᠤᠨ ᠤᠯᠤᠰ᠂ ᠵᠡᠭᠦᠨ ᠡᠮᠦᠨᠡᠲᠦ ᠠᠽᠢᠶ᠎ᠠ᠂ ᠵᠡᠭᠦᠨ ᠬᠤᠶᠢᠲᠤ | ᠠᠽᠢᠶ᠎ᠠ ᠵᠢᠴᠢ ᠬᠤᠯᠪᠣᠭᠳᠠᠯ ᠪᠦᠬᠦᠢ ᠤᠯᠤᠰ ᠪᠠ ᠭᠠᠵᠠᠷ ᠣᠷᠣᠨ ᠤ ᠤᠯᠤᠰ ᠲᠥᠷᠥ ᠶᠢᠨ ᠴᠢᠬᠤᠯᠠ ᠬᠥᠮᠥᠰ᠂ | ᠵᠠᠰᠠᠭ ᠤᠨ ᠣᠷᠳᠣᠨ ᠪᠠ ᠠᠵᠤ ᠠᠬᠤᠢ ᠠᠷᠠᠯᠵᠢᠶᠠᠨ ᠤ ᠲᠥᠯᠥᠭᠡᠯᠡᠭᠴᠢᠳ ᠤᠨ ᠪᠦᠯᠭᠦᠮ᠂ ᠦᠢᠯᠡᠳᠪᠦᠷᠢ | ᠬᠤᠳᠠᠯᠳᠤᠭᠠᠨ ᠤ ᠡᠲᠡᠭᠡᠳ ᠤᠨ ᠨᠠᠷᠠᠲᠤ ᠬᠥᠮᠥᠰ᠂ ᠤᠯᠤᠰ ᠤᠨ ᠳᠣᠲᠣᠭᠠᠳᠤ ᠶᠢᠨ ᠵᠠᠰᠠᠭ ᠤᠨ ᠣᠷᠳᠣᠨ ᠤ | ᠪᠠᠶᠢᠭᠤᠯᠤᠮᠵᠢ ᠪᠠ ᠲᠤᠰᠬᠠᠢ ᠮᠡᠷᠭᠡᠵᠢᠯᠲᠡᠨ ᠡᠷᠳᠡᠮᠲᠡᠨ ᠵᠡᠷᠭᠡ 200 ᠭᠠᠷᠤᠢ ᠬᠥᠮᠥᠨ ᠤᠷᠤᠯᠴᠠᠵᠤ᠂ | ᠬᠠᠮᠲᠤᠷᠠᠯᠴᠠᠭᠠᠨ ᠤ ᠠᠵᠠ ᠲᠤᠭᠢᠶᠠᠯ ᠢ ᠡᠷᠢᠯᠬᠢᠯᠡᠭᠰᠡᠨ ᠪᠠᠶᠢᠨ᠎ᠠ᠃ | ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠳᠤᠮᠳᠠᠳᠤ | ᠤᠯᠤᠰ ᠤᠨ ᠥᠪᠥᠷ ᠮᠣᠩᠭᠤᠯ -- ᠳᠤᠮᠳᠠᠳᠤ ᠠᠽᠢᠶ᠎ᠠ ᠶᠢᠨ ᠲᠠᠪᠤᠨ ᠤᠯᠤᠰ ᠤᠨ ᠠᠵᠤ ᠠᠬᠤᠢ ᠠᠷᠠᠯᠵᠢᠶᠠᠨ ᠤ | ᠬᠠᠮᠲᠤᠷᠠᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠭᠦᠭᠡᠬᠤᠲᠠ ᠳᠤ ᠶᠠᠪᠤᠭᠳᠠᠪᠠ᠃ | ᠨᠡᠭᠡᠭᠡᠯᠲᠡᠲᠤ ᠪᠠᠶᠢᠷᠢᠰᠢᠯ ᠨᠦᠭᠦᠷᠰᠡᠭ ᠬᠠᠮᠲᠤᠷᠠᠯᠴᠠᠭ᠎ᠠ ᠨᠠᠨᠳᠢᠨ ᠵᠠᠪᠰᠢᠶᠠᠨ | - ᠳᠤᠮᠳᠠᠳᠤ ᠤᠯᠤᠰ ᠪᠣᠯᠣᠨ ᠳᠤᠮᠳᠠᠳᠤ ᠠᠽᠢᠶ᠎ᠠ ᠶᠢᠨ ᠤᠯᠤᠰ ᠤᠳ ᠡᠯᠪᠡᠭ ᠪᠠᠶᠠᠯᠢᠭ | ᠠᠭᠤᠯᠤᠭᠳᠠᠬᠤᠨ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠬᠠᠷᠢᠯᠴᠠᠨ ᠠᠰᠢᠭᠲᠠᠢ ᠠᠵᠤ ᠠᠬᠤᠢ ᠠᠷᠠᠯᠵᠢᠶᠠᠨ | ᠤ ᠬᠠᠷᠢᠯᠴᠠᠭ᠎ᠠ ᠶᠢ ᠪᠠᠶᠢᠭᠤᠯᠵᠤ᠂ ᠨᠡᠷ᠎ᠡ ᠨᠢᠳᠡᠷ ᠲᠡᠭᠡᠨ ᠨᠡᠶᠢᠴᠡᠭᠰᠡᠨ ᠰᠠᠶᠢᠨ ᠬᠥᠷᠰᠢ᠂ ᠰᠠᠶᠢᠨ ᠨᠠᠶᠢᠵᠢ᠂ ᠰᠠᠶᠢᠨ | ᠬᠠᠨᠢᠲᠠᠨ ᠪᠣᠯᠤᠭᠰᠠᠨ ᠶᠤᠮ᠃ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠬᠢᠨ ᠰᠡᠳᠬᠢᠯ | ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠵᠦ᠂ ᠬᠠᠮᠲᠤᠷᠠᠯᠴᠠᠭᠠᠨ ᠤ | ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ | ᠶᠢ ᠭᠦᠨᠵᠡᠭᠡᠶᠢᠷᠡᠭᠦᠯᠵᠦ᠂ ᠰᠢᠨ᠎ᠡ ᠬᠠᠮᠲᠤᠷᠠᠯᠴᠠᠭᠠᠨ ᠤ ᠬᠦᠷᠢᠶ᠎ᠡ ᠶᠢ ᠢᠳᠡᠪᠬᠢᠲᠡᠢ ᠥᠷᠭᠡᠳᠬᠡᠵᠦ᠂ ᠲᠣᠮᠣ ᠳ᠋ᠠᠶᠢᠲ᠋ᠠ᠂ | ᠵᠣᠬᠢᠶᠠᠮᠠᠯ ᠤᠶᠤᠨ᠂ ᠡᠯᠧᠺᠲᠷᠣᠨ ᠬᠤᠳᠠᠯᠳᠤᠭ᠎ᠠ᠂ ᠰᠢᠨ᠎ᠡ ᠡᠨᠧᠷᠭᠢ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ | ᠠᠬᠢᠭᠤᠯᠵᠤ᠂ ᠣᠷᠣᠨ ᠪᠦᠰᠡ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢᠨ ᠨᠡᠩ ᠥᠷᠭᠡᠨ ᠬᠦᠷᠢᠶ᠎ᠡ᠂ | ᠨᠡᠩ ᠭᠦᠨ ᠳᠠᠪᠬᠤᠷᠭ᠎ᠠ ᠲᠡᠶᠢᠰᠢ ᠬᠥᠭᠵᠢᠬᠦ ᠶᠢ ᠠᠬᠢᠭᠤᠯᠬᠤ ᠪᠣᠯᠣᠨ᠎ᠠ ᠭᠡᠵᠦ ᠳᠤᠮᠳᠠᠳᠤ ᠤᠯᠤᠰ ᠤᠨ ᠠᠷᠠᠯᠵᠢᠶ᠎ᠠ ᠶᠢ | ᠠᠬᠢᠭᠤᠯᠬᠤ ᠵᠥᠪᠯᠡᠯ ᠤᠨ ᠳᠡᠳ᠋ ᠳᠠᠷᠤᠭ᠎ᠠ ᠴᠧᠨ ᠵᠢᠶᠠᠨ ᠠᠨ ᠢᠯᠡᠷᠬᠡᠶᠢᠯᠡᠭᠰᠡᠨ ᠳᠤ ᠬᠤᠷᠠᠯ ᠤᠨ ᠲᠠᠯᠠᠪᠠᠢ ᠳᠤ | ᠠᠯᠠᠭ᠎ᠠ ᠲᠡᠰᠢᠯᠲᠡ ᠶᠢᠨ ᠳᠠᠭᠤᠨ ᠨᠢᠵᠢᠭᠢᠨᠡᠯᠡ᠃ | ᠡᠨᠡ ᠵᠢᠯ ᠪᠣᠯ ᠮᠠᠨ ᠤ ᠤᠯᠤᠰ ᠪᠣᠯᠣᠨ ᠳᠤᠮᠳᠠᠳᠤ ᠠᠽᠢᠶ᠎ᠠ ᠶᠢᠨ ᠲᠠᠪᠤᠨ ᠤᠯᠤᠰ ᠤᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 31 ᠵᠢᠯ ᠤᠨ ᠤᠢ ᠪᠤᠯᠬᠤ ᠶᠤᠮ᠃ 31 ᠵᠢᠯ ᠤᠨ ᠲᠤᠷᠰᠢ᠂ ᠳᠤᠮᠳᠠᠳᠤ ᠤᠯᠤᠰ | ᠪᠣᠯᠣᠨ ᠳᠤᠮᠳᠠᠳᠤ ᠠᠽᠢᠶ᠎ᠠ ᠶᠢᠨ ᠲᠠᠪᠤᠨ ᠤᠯᠤᠰ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠲᠡᠰᠤᠷᠠᠯᠲᠠ | ᠦᠭᠡᠢ ᠭᠦᠨᠵᠡᠭᠡᠶᠢᠷᠡᠵᠦ᠂ ᠬᠤᠣᠰ ᠴᠢᠭᠯᠡᠯ ᠤᠨ ᠠᠷᠠᠯᠵᠢᠶ᠎ᠠ 100 ᠭᠠᠷᠤᠢ ᠲᠠᠭᠢᠨ ᠨᠡᠮᠡᠭᠳᠡᠭᠰᠡᠨ ᠪᠢᠯᠡ᠃ | ᠭᠠᠳᠠᠭᠠᠳᠤ ᠠᠷᠠᠯᠵᠢᠶᠠᠨ ᠤ ᠲᠠᠯ᠎ᠠ ᠪᠠᠷ᠂ ᠮᠠᠨ ᠤ ᠣᠷᠣᠨ 2022 ᠣᠨ ᠪᠤᠯᠲᠠᠯ᠎ᠠ160 ᠭᠠᠷᠤᠢ ᠤᠯᠤᠰ | ᠪᠣᠯᠣᠨ ᠭᠠᠵᠠᠷ ᠣᠷᠣᠨ ᠲᠠᠢ ᠬᠠᠷᠢᠯᠴᠠᠭ᠎ᠠ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠶᠡᠷᠦᠩᠬᠡᠢ ᠬᠡᠮᠵᠢᠶ᠎ᠡ 1523. | 6 ᠳ᠋ᠦᠩᠰᠢᠭᠤᠷ ᠲᠥᠭᠦᠷᠢᠭ ᠲᠤ ᠭᠦᠷᠪᠠ᠂ ᠡᠭᠦᠨ ᠳᠤ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ | ᠠᠷᠠᠯᠵᠢᠶᠠᠨ ᠤ ᠬᠡᠮᠵᠢᠶ᠎ᠡ 935 .5 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 29.6 % ᠪᠠᠷ ᠨᠡᠮᠡᠭᠳᠡᠪᠡ︔ ᠬᠢᠯᠢ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ ᠪᠠᠶᠢᠬᠤ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠴᠥᠭᠡᠨ ᠪᠠᠶᠢᠭᠰᠠᠨ ᠠᠴᠠ | ᠪᠠᠨ ᠤᠯᠠᠨ ᠪᠣᠯᠤᠭᠰᠠᠨ ᠦᠰᠦᠷᠦᠯᠲᠡ ᠶᠢᠨ ᠴᠢᠨᠠᠷᠲᠠᠢ ᠬᠥᠭᠵᠢᠯᠲᠡ ᠶᠢ ᠪᠡᠶᠡᠯᠡᠭᠦᠯᠵᠦ᠂ 2022 ᠣᠨ ᠪᠤᠯᠬᠤ | ᠳᠤ 7700 ᠭᠠᠷᠤᠢ ᠴᠤᠪᠤᠭ᠎ᠠ ᠳᠤ ᠭᠦᠷᠴᠡᠢ︔ ᠮᠠᠨ ᠤ ᠣᠷᠣᠨ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠤ᠂ 2022 ᠣᠨ ᠳᠤ ᠪᠦᠭᠦ ᠣᠷᠣᠨ ᠳᠤ ᠰᠢᠨ᠎ᠡ ᠪᠠᠷ | ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 40 ᠪᠣᠯᠵᠤ᠂ | ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 34 .5 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 58.6% ᠪᠠᠷ ᠨᠡᠮᠡᠭᠳᠡᠪᠡ︔ ᠳᠡᠭᠡᠷ᠎ᠡ ᠬᠠᠭᠠᠰ ᠵᠢᠯ ᠳᠤ᠂ ᠪᠦᠭᠦ ᠣᠷᠣᠨ ᠤ | ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠪᠡᠯᠡ ᠶᠢᠨ ᠠᠵᠤ ᠠᠬᠤᠶᠢᠯᠠᠯ 68 ᠪᠣᠯᠵᠤ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 2 ᠳᠠᠭᠢᠨ ᠨᠡᠮᠡᠭᠳᠡᠵᠡᠢ᠃ | ᠬᠤᠷᠠᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠵᠥᠪᠯᠡᠯ | ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠧᠢ ᠬᠤᠩ᠂ ᠡᠯ᠎ᠡ ᠤᠯᠤᠰ ᠡᠯ᠎ᠡ ᠡᠲᠡᠭᠡᠳ ᠤᠨ | ᠬᠤᠳᠠᠯᠳᠤᠭᠠᠨ ᠤ ᠨᠡᠶᠢᠭᠡᠮᠯᠢᠭ ᠪᠣᠯᠣᠨ ᠠᠵᠤ ᠠᠬᠤᠶᠢᠯᠠᠯ ᠤᠨ ᠥᠪᠥᠷ ᠮᠣᠩᠭᠤᠯ ᠳᠤ ᠢᠷᠡᠵᠤ ᠪᠡᠯᠡ ᠣᠷᠣᠭᠤᠯᠤᠨ | ᠦᠢᠯᠡᠰ ᠪᠣᠰᠬᠠᠬᠤ ᠶᠢ ᠪᠦᠭᠦ ᠬᠦᠴᠦ ᠪᠠᠷ ᠢᠶᠠᠨ ᠳᠡᠮᠵᠢᠨ᠎ᠠ ᠭᠡᠵᠦ ᠲᠣᠳᠣᠷᠠᠭᠤᠯᠤᠭᠰᠠᠨ ᠪᠠᠶᠢᠨ᠎ᠠ᠃ | ᠬᠤᠷᠠᠯ ᠳᠤ ᠤᠷᠤᠯᠴᠠᠵᠦ ᠪᠠᠶᠢᠭ᠎ᠠ ᠭᠠᠳᠠᠭᠠᠳᠤ ᠶᠢᠨ ᠵᠣᠴᠢᠳ ᠰᠡᠭᠦᠳᠡᠷ ᠲᠠᠳᠠᠨ ᠳᠤᠷᠠᠰᠬᠠᠯ ᠦᠯᠡᠳᠡᠭᠡᠨ᠎ᠡ᠃ | ᠮᠠᠨ ᠤ ᠣᠷᠣᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | 3 ᠵᠢᠯ ᠳᠠᠷᠠᠭᠠᠯᠠᠨ︽ᠡᠭᠢᠯᠡᠯᠲᠡ ᠶᠢᠨ ᠵᠢᠯ ᠤᠨ ᠠᠩᠬᠠᠳᠤᠭᠠᠷ ᠬᠤᠷᠠᠯ︾ ᠢᠶᠠᠷ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠠᠵᠢᠯ ᠢ ᠲᠤᠰᠬᠠᠶᠢᠯᠠᠨ ᠪᠠᠶᠢᠷᠢᠯᠠᠭᠤᠯᠤᠭᠰᠠᠨ ᠶᠤᠮ᠃ 2022 ᠣᠨ ᠠᠴᠠ ᠨᠠᠭᠠᠰᠢ᠂ | ᠤᠷᠢᠳ ᠬᠤᠵᠢᠳ ᠠᠵᠤ ᠠᠬᠤᠢ ᠶᠢ ᠲᠣᠭᠲᠠᠪᠤᠷᠢᠵᠢᠭᠤᠯᠬᠤ 40 ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ᠂ | 21 ᠵᠠᠯᠭᠠᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠰᠢᠯᠢᠳᠡᠭᠵᠢᠭᠦᠯᠬᠦ 181 ᠵᠤᠷᠪᠤᠰ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ 120 ᠵᠤᠷᠪᠤᠰ ᠵᠢᠴᠢ | ᠰᠦ ᠰᠠᠭᠠᠯᠢ ᠶᠢᠨ ᠦᠢᠯᠡᠰ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠤᠰᠤᠲᠥ᠋ᠷᠥᠭᠴᠢ ᠡᠨᠧᠷᠭᠢ᠂ ᠪᠠᠷᠢᠯᠭ᠎ᠠ ᠶᠢᠨ | ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠬᠦᠷᠢᠶᠡᠨ ᠳᠠᠬᠢ ᠳᠡᠮᠵᠢᠯᠭᠡ ᠶᠢᠨ ᠠᠷᠭ᠎ᠠ ᠬᠡᠮᠵᠢᠶ᠎ᠡ ᠨᠦᠭᠦᠳ ᠢ | ᠨᠡᠶᠢᠲᠡᠯᠡᠵᠦ᠂ ᠠᠵᠤ ᠠᠬᠤᠶᠢᠯᠠᠯ ᠳᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠰᠢᠭ ᠢ ᠭᠦᠢᠴᠡᠳ | ᠡᠳ᠋ᠯᠡᠭᠦᠯᠵᠦ᠂ ᠪᠦᠭᠦ ᠲᠠᠯᠠᠲᠤ ᠪᠦᠭᠦ ᠦᠶᠡᠯᠡᠯᠲᠦ ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ | ᠠᠵᠤ ᠠᠬᠤᠶᠢᠯᠠᠯᠲᠠᠳ ᠤᠨ ᠥᠪᠥᠷ ᠮᠣᠩᠭᠤᠯ ᠳᠤ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠲᠠᠶᠢᠪᠤᠩ | ᠦᠢᠯᠡᠰ ᠪᠣᠰᠬᠠᠬᠤ ᠶᠢ ᠦᠨᠡᠨ ᠬᠦ ᠪᠠᠲᠤᠯᠠᠵᠤ ᠪᠠᠶᠢᠭ᠎ᠠ ᠪᠢᠯᠡ᠃ | ᠮᠣᠩᠭᠤᠯ ᠤᠯᠤᠰ ᠤᠨ ᠡᠳ᠋ ᠤᠨ ᠵᠠᠰᠠᠭ ᠬᠥᠭᠵᠢᠯ ᠤᠨ ᠶᠠᠮᠤᠨ ᠤ ᠪᠦᠰᠡ ᠨᠤᠲᠤᠭ ᠠᠵᠤ ᠦᠢᠯᠡᠳᠪᠦᠷᠢ | ᠶᠢᠨ ᠪᠣᠳᠣᠯᠭ᠎ᠠ ᠶᠢᠨ ᠭᠠᠵᠠᠷ ᠤᠨ ᠳᠠᠷᠤᠭ᠎ᠠ ᠳ᠋᠊ ·ᠡᠷᠳᠡᠨᠢᠪᠠᠶᠠᠷ ᠶᠠᠷᠢᠶ᠎ᠠ ᠲᠠᠯᠪᠢᠨ᠎ᠠ᠃ | ᠬᠠᠷᠢᠯᠴᠠᠭ᠎ᠠ ᠪᠠᠶᠢᠭᠤᠯᠵᠤ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠥᠬᠦᠷᠯᠡᠯ ᠢᠶᠠᠨ ᠭᠦᠨᠵᠡᠭᠡᠶᠢᠷᠡᠭᠦᠯᠵᠦ᠂ | ᠬᠥᠭᠵᠢᠯᠲᠡ ᠶᠢ ᠰᠦᠪᠡᠭᠴᠢᠯᠡᠨ᠎ᠡ᠃ ᠬᠤᠷᠠᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠡᠳ᠋ ᠳᠠᠷᠤᠭ᠎ᠠ ᠮᠢᠶᠣᠣ ᠽᠧᠩ ᠪᠣᠯᠣᠨ ᠺᠢᠷᠭᠢᠽᠰᠲ᠋ᠠᠨ ᠤ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠳᠡᠳ᠋ ᠳᠠᠷᠤᠭ᠎ᠠ ᠪᠠᠺᠢᠯᠯᠤ᠋ᠹ ᠮᠠᠮᠠᠰᠠᠳᠢᠺ ᠠᠵᠤ ᠠᠬᠤᠢ ᠠᠷᠠᠯᠵᠢᠶᠠᠨ ᠤ | ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠬᠠᠮᠲᠤᠷᠠᠯᠴᠠᠭᠠᠨ ᠤ ᠲᠠᠪᠴᠠᠩ ᠢ | ᠪᠠᠶᠢᠭᠤᠯᠬᠤ᠂ ᠠᠷᠠᠯᠵᠢᠶ᠎ᠠ ᠶᠢ ᠠᠬᠢᠭᠤᠯᠬᠤ ᠶᠢ ᠴᠢᠩᠭᠠᠳᠬᠠᠬᠤ᠂ ᠠᠵᠤ ᠠᠬᠤᠶᠢᠯᠠᠯ ᠤᠨ ᠦᠢᠯᠡᠴᠢᠯᠡᠭᠡ ᠶᠢ | ᠰᠢᠯᠢᠳᠡᠭᠵᠢᠭᠦᠯᠬᠦ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠭᠰᠡᠨ ᠪᠠᠶᠢᠨ᠎ᠠ᠃ | 2018 ᠣᠨ ᠠᠴᠠ 2022 ᠣᠨ ᠤ ᠬᠤᠭᠤᠷᠣᠨᠳᠤ᠂ ᠺᠢᠷᠭᠢᠽᠰᠲ᠋ᠠᠨ ᠪᠣᠯᠣᠨ ᠳᠤᠮᠳᠠᠳᠤ ᠤᠯᠤᠰ ᠤᠨ | ᠠᠷᠠᠯᠵᠢᠶᠠᠨ ᠤ ᠲᠤᠭ᠎ᠠ 2.2 ᠳᠠᠭᠢᠨ ᠨᠡᠮᠡᠭᠳᠡᠵᠦ᠂ 2022 ᠣᠨ ᠳᠤ ᠳᠤᠮᠳᠠᠳᠤ ᠤᠯᠤᠰ ᠤᠨ ᠺᠢᠷᠭᠢᠽᠰᠲ᠋ᠠᠨ | ᠳᠠᠬᠢ ᠠᠷᠠᠯᠵᠢᠶᠠᠨ ᠤ ᠶᠡᠷᠦᠩᠬᠡᠢ ᠬᠡᠮᠵᠢᠶ᠎ᠡ ᠶᠢᠨ ᠡᠵᠡᠯᠡᠬᠦ ᠬᠠᠷᠢᠴᠠᠯ ᠨᠢᠭᠡᠨᠲᠡ 35% ᠳᠤ ᠭᠦᠷᠪᠠ᠃ | ᠺᠢᠷᠭᠢᠽᠰᠲ᠋ᠠᠨ ᠤ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠬᠤᠳᠠᠯᠳᠤᠭᠠᠨ ᠤ ᠶᠠᠪᠤᠳᠠᠯ | ᠤᠨ ᠵᠥᠪᠯᠡᠭᠴᠢ ᠲᠦᠸ᠋ᠷᠤᠮᠮᠠᠲ᠋ᠤᠹ ᠵᠦᠰᠦᠪᠡᠯᠢ᠄ ︽ᠺᠢᠷᠭᠢᠽᠰᠲ᠋ᠠᠨ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠤᠳᠤ | ᠨᠢᠭᠡᠨᠲᠡ ᠴᠢᠨᠠᠷ ᠤᠨ ᠦᠰᠦᠷᠦᠯᠲᠡ ᠶᠢ ᠪᠡᠶᠡᠯᠡᠭᠦᠯᠦᠭᠰᠡᠨ ᠪᠠᠶᠢᠨ᠎ᠠ︾ ᠭᠡᠵᠡᠢ᠃ | ᠬᠠᠮᠲᠤᠷᠠᠯᠴᠠᠭᠠᠨ ᠤ ᠳᠤᠮᠳᠠ ᠨᠥᠬᠦᠷᠯᠡᠯ ᠢᠶᠠᠨ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠤᠮᠳᠠ ᠭᠡᠷᠡᠯ | ᠰᠠᠴᠤᠷᠠᠩᠭᠤᠢ ᠠᠮᠵᠢᠯᠲᠠ ᠶᠢ ᠡᠭᠦᠳᠦᠨ᠎ᠡ᠃ ᠳᠤᠮᠳᠠᠳᠤ ᠤᠯᠤᠰ ᠤᠨ ᠥᠪᠥᠷ ᠮᠣᠩᠭᠤᠯ- ᠳᠤᠮᠳᠠᠳᠤ ᠠᠽᠢᠶ᠎ᠠ | ᠲᠠᠪᠤᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠨᠢ | ᠥᠪᠥᠷ ᠮᠣᠩᠭᠤᠯ ᠪᠣᠯᠣᠨ ᠳᠤᠮᠳᠠᠳᠤ ᠠᠽᠢᠶ᠎ᠠ ᠶᠢᠨ ᠲᠠᠪᠤᠨ ᠤᠯᠤᠰ ᠵᠢᠴᠢ ᠡᠯ᠎ᠡ ᠬᠤᠯᠪᠣᠭᠳᠠᠯ ᠪᠦᠬᠦᠢ ᠤᠯᠤᠰ | ᠯᠤᠭ᠎ᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠬᠦ᠂ ᠠᠵᠤ ᠠᠬᠤᠢ ᠠᠷᠠᠯᠵᠢᠶᠠᠨ ᠤ | ᠶᠠᠪᠤᠯᠴᠠᠭ᠎ᠠ ᠶᠢ ᠨᠢᠭᠲᠠᠷᠠᠭᠤᠯᠬᠤ᠂ ᠨᠥᠭᠦᠷᠰᠡᠭ ᠬᠠᠷᠢᠯᠴᠠᠭ᠎ᠠ ᠪᠠᠶᠢᠭᠤᠯᠬᠤ ᠳᠤ ᠴᠣ ᠰᠢᠨ᠎ᠡ ᠬᠥᠭᠦᠷᠭᠡ᠂ ᠪᠠᠲᠤ ᠪᠠᠬᠢ | ᠰᠠᠭᠤᠷᠢ ᠲᠠᠯᠪᠢᠯ᠎ᠠ᠃ | ᠰᠢᠨ᠎ᠡ ᠡᠭᠢᠯᠡᠯᠳᠡ ᠰᠢᠨ᠎ᠡ ᠬᠥᠭᠵᠢᠯᠲᠡ ᠰᠢᠨ᠎ᠡ ᠦᠢᠯᠡᠰ | ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠨ᠂ ᠬᠠᠮᠲᠤᠷᠠᠯᠴᠠᠭᠠᠨ ᠤ ᠠᠯᠤᠰ ᠤᠨ | ᠲᠥᠰᠥᠪ ᠢ ᠬᠠᠮᠲᠤ ᠪᠠᠷ ᠵᠢᠷᠤᠭᠯᠠᠨ᠎ᠠ᠃ ᠬᠡᠷᠬᠢᠨ ᠬᠠᠮᠲᠤᠷᠠᠯᠴᠠᠭᠠᠨ ᠤ ᠲᠣᠭᠲᠠᠴᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠠᠷᠠᠯᠵᠢᠶᠠᠨ ᠤ ᠪᠡᠯᠡ ᠣᠷᠣᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠲᠤ ᠪᠠᠷ ᠠᠰᠢᠭ | ᠭᠦᠷᠳᠡᠭᠦ ᠶᠢ ᠪᠡᠶᠡᠯᠡᠭᠦᠯᠬᠦ ᠪᠣᠯ ᠬᠤᠷᠠᠯ ᠳᠤ ᠣᠷᠣᠯᠴᠠᠭᠰᠠᠳ ᠤᠨ ᠠᠩᠬᠠᠷᠴᠤ ᠪᠠᠶᠢᠭ᠎ᠠ ᠠᠰᠠᠭᠤᠳᠠᠯ ᠪᠢᠯᠡ᠃ | - ᠠᠩᠬ᠎ᠠ ᠤᠳᠠᠭ᠎ᠠ ᠥᠪᠥᠷ ᠮᠣᠩᠭᠤᠯ ᠳᠤ ᠢᠷᠡᠵᠤ ᠪᠠᠶᠢᠨ᠎ᠠ᠂ ᠲᠤᠰ ᠤᠳᠠᠭ᠎ᠠ ᠶᠢᠨ ᠰᠤᠳᠤᠯᠤᠨ ᠶᠠᠷᠢᠯᠴᠠᠬᠤ | ᠬᠤᠷᠠᠯ ᠨᠢ ᠳᠤᠮᠳᠠᠳᠤ ᠠᠽᠢᠶ᠎ᠠ ᠶᠢᠨ ᠲᠠᠪᠤᠨ ᠤᠯᠤᠰ ᠪᠣᠯᠣᠨ ᠳᠡᠯᠡᠬᠡᠢ ᠨᠡᠶᠢᠲᠡ ᠶᠢᠨ ᠰᠣᠯᠢᠯᠴᠠᠭ᠎ᠠ ᠶᠠᠪᠤᠯᠴᠠᠭ᠎ᠠ ᠳᠤ | ᠮᠠᠰᠢ ᠰᠠᠶᠢᠨ ᠲᠠᠪᠴᠠᠩ ᠬᠠᠩᠭᠠᠵᠠᠢ᠂ ᠥᠩᠭᠡᠷᠡᠭᠰᠡᠨ ᠳᠤ ᠪᠢ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠢ | ᠨᠡᠯᠢᠶᠡᠳ ᠰᠣᠨᠢᠷᠬᠠᠵᠤ ᠪᠠᠶᠢᠪᠠ᠂ ᠡᠨᠡ ᠤᠳᠠᠭ᠎ᠠ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠴᠢᠨᠠᠭᠰᠢᠯᠠᠪᠠᠯ | ᠮᠣᠷᠢᠨ ᠤᠷᠤᠯᠳᠤᠭᠠᠨ ᠵᠡᠷᠭᠡ ᠶᠢᠨ ᠲᠠᠯ᠎ᠠ ᠪᠠᠷ ᠬᠠᠮᠲᠤᠷᠠᠯᠴᠠᠬᠤ ᠪᠣᠯᠣᠮᠵᠢ ᠲᠠᠢ ᠭᠡᠵᠦ ᠦᠵᠡᠵᠦ ᠪᠠᠶᠢᠨ᠎ᠠ ᠭᠡᠵᠦ | ᠲᠦᠷᠺᠮᠧᠨ᠋ᠰᠲ᠋ᠠᠠ ᠤ ᠠᠵᠤ ᠦᠢᠯᠡᠳᠪᠦᠷᠢ ᠪᠣᠯᠣᠨ ᠠᠵᠤ ᠠᠬᠤᠶᠢᠯᠠᠯᠲᠠᠳ ᠤᠨ ᠬᠤᠯᠪᠤᠭ᠎ᠠ ᠶᠢᠨ ᠮᠠᠳᠢᠸᠠ᠂ ᠵᠠᠯᠢᠨᠠ | ᠶᠠᠷᠢᠨ᠎ᠠ᠃ | - ᠬᠠᠭᠠᠰ ᠵᠢᠯ ᠳᠤ ᠲᠠᠵᠢᠺᠰᠲ᠋ᠠᠨ ᠪᠣᠯᠣᠨ ᠳᠤᠮᠳᠠᠳᠤ ᠶᠢᠨ ᠠᠷᠠᠯᠵᠢᠶᠠᠨ ᠤ ᠬᠡᠮᠵᠢᠶ᠎ᠡ 7.04 ᠳ᠋ᠦᠩᠰᠢᠭᠤᠷ | ᠳ᠋ᠣᠯᠯᠠᠷ ᠢ ᠳᠠᠪᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ᠃ ᠪᠡᠯᠡ | ᠣᠷᠣᠭᠤᠯᠤᠯᠲᠠ ᠶᠢᠨ ᠬᠦᠷᠢᠶ᠎ᠡ ᠭᠡᠰᠡᠨ ᠦᠭᠡᠢ ᠪᠣᠳᠠᠲᠤ ᠴᠣᠭᠴᠠ ᠶᠢᠨ ᠠᠵᠤ ᠠᠬᠤᠢ ᠶᠢᠨ ᠬᠦᠷᠢᠶ᠎ᠡ ᠭᠡᠰᠡᠨ ᠦᠭᠡᠢ᠂ | ᠬᠤᠶᠠᠷ ᠤᠯᠤᠰ ᠤᠨ ᠠᠷᠠᠯᠵᠢᠶᠠᠨ ᠤ ᠬᠠᠮᠲᠤᠷᠠᠯᠴᠠᠭ᠎ᠠ ᠳᠤ ᠴᠥᠮ ᠯᠤᠲᠤ ᠶᠡᠭᠡ ᠳᠠᠯᠳᠠ ᠬᠦᠴᠦᠨ ᠣᠷᠣᠰᠢᠵᠤ | ᠪᠠᠶᠢᠨ᠎ᠠ᠃ ᠲᠠᠵᠢᠺᠰᠲ᠋ᠠᠨ ᠳᠤᠮᠳᠠᠳᠤ ᠬᠤᠶᠠᠷ ᠤᠯᠤᠰ ᠪᠣᠬᠢᠷᠳᠤᠯ ᠦᠭᠡᠢ ᠠᠵᠤ ᠠᠬᠤᠢ᠂ ᠲᠣᠭᠠᠴᠢᠯᠠᠭᠰᠠᠨ ᠠᠵᠤ | ᠠᠬᠤᠢ᠂ ᠡᠨᠧᠷᠭᠢ ᠶᠢᠨ ᠠᠵᠤ ᠠᠬᠤᠢ ᠵᠢᠴᠢ ᠡᠯᠧᠺᠲᠷᠣᠨ ᠬᠤᠳᠠᠯᠳᠤᠭ᠎ᠠ᠂ ᠣᠶᠤᠨᠲᠤ ᠬᠥᠳᠡᠭᠡ ᠠᠵᠤ ᠠᠬᠤᠢ ᠵᠡᠷᠭᠡ | ᠬᠦᠷᠢᠶᠡᠨ ᠳᠤ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠲᠠᠵᠢᠺᠰᠲ᠋ᠠᠨ ᠤ | ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠽᠦᠰᠢᠷ ᠰᠠᠶ᠋ᠢᠳᠧᠽᠦᠸᠧᠳᠠ ᠶᠠᠷᠢᠯ᠎ᠠ᠃ | - ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠪᠡᠯᠡ ᠣᠷᠣᠭᠤᠯᠤᠯᠲᠠ ᠪᠣᠯᠣᠨ | ᠮᠡᠷᠭᠡᠵᠢᠯ ᠤᠨ ᠰᠢᠯᠵᠢᠭᠦᠯᠦᠯᠲᠡ ᠵᠡᠷᠭᠡ ᠬᠦᠷᠢᠶᠡᠨ ᠳᠤ ᠪᠢᠳᠡᠨ ᠲᠠᠢ ᠬᠠᠮᠲᠤᠷᠠᠨ ᠠᠵᠢᠯᠯᠠᠬᠤ ᠳᠠᠯᠳᠠ ᠬᠦᠴᠦᠨ ᠮᠠᠰᠢ | ᠶᠡᠭᠡ ᠪᠠᠶᠢᠨ᠎ᠠ᠃ ᠪᠢᠳᠡ ᠰᠢᠨ᠎ᠡ ᠠᠵᠠ ᠲᠣᠭᠢᠶᠠᠯ ᠢ ᠬᠠᠮᠲᠤ ᠪᠠᠷ ᠡᠷᠢᠯᠬᠢᠯᠡᠵᠦ᠂ ᠨᠡᠩ ᠰᠠᠶᠢᠨ ᠬᠠᠮᠲᠤ ᠶᠢᠨ ᠠᠰᠢᠭ | ᠲᠤᠰᠠ ᠡᠭᠦᠳᠬᠦ ᠶᠢ ᠬᠦᠰᠡᠵᠦ ᠪᠠᠶᠢᠨ᠎ᠠ ᠭᠡᠵᠦ ᠦᠽᠪᠸᠺᠰᠲ᠋ᠠᠨ ᠤ ᠳᠤᠮᠳᠠᠳᠤ ᠤᠯᠤᠰ ᠲᠤ ᠰᠠᠭᠤᠭ᠎ᠠ ᠡᠯᠴᠢᠨ | ᠰᠠᠶᠢᠳ ᠶᠠᠾᠸᠶᠠᠶᠧᠹ ᠪᠤᠪᠢᠷ ᠢᠯᠡᠷᠬᠡᠶᠢᠯᠡᠪᠡ᠃ | - ᠲᠠ ᠪᠦᠭᠦᠨ ᠤ ᠮᠣᠩᠭᠤᠯ ᠤᠯᠤᠰ ᠲᠤ ᠬᠦᠷᠴᠦ ᠪᠡᠯᠡ ᠣᠷᠣᠭᠤᠯᠤᠨ ᠬᠠᠮᠲᠤᠷᠠᠯᠴᠠᠭ᠎ᠠ ᠥᠷᠨᠢᠭᠦᠯᠵᠦ᠂ | ᠭᠠᠵᠠᠷ ᠣᠷᠣᠨ ᠤ ᠲᠡᠭᠡᠭᠡᠪᠦᠷᠢ ᠪᠠ ᠪᠠᠷᠠᠭᠠᠨ ᠤ ᠭᠦᠢᠯᠭᠡᠭᠡ ᠶᠢᠨ ᠬᠥᠭᠵᠢᠯᠲᠡ ᠶᠢ ᠠᠬᠢᠭᠤᠯᠵᠤ᠂ ᠬᠤᠳᠠ ᠶᠢᠨ | ᠬᠤᠭᠤᠷᠣᠨᠳᠤ ᠪᠠᠷᠠᠭᠠᠨ ᠤ ᠭᠦᠢᠯᠭᠡᠭᠡ ᠪᠠ ᠲᠡᠭᠡᠭᠡᠪᠦᠷᠢ ᠶᠢᠨ ᠬᠠᠮᠲᠤᠷᠠᠯᠴᠠᠭ᠎ᠠ ᠥᠷᠨᠢᠭᠦᠯᠬᠦ ᠶᠢ ᠪᠠᠶᠠᠷᠯᠠᠨ ᠤᠭᠲᠤᠵᠤ | ᠪᠠᠶᠢᠨ᠎ᠠ ᠭᠡᠵᠦ ᠮᠣᠩᠭᠤᠯ ᠤᠯᠤᠰ ᠤᠨ ᠡᠳ᠋ ᠤᠨ ᠵᠠᠰᠠᠭ ᠬᠥᠭᠵᠢᠯ ᠤᠨ ᠶᠠᠮᠤᠨ ᠤ ᠪᠦᠰᠡ ᠨᠤᠲᠤᠭ ᠠᠵᠤ | ᠦᠢᠯᠡᠳᠪᠦᠷᠢ ᠶᠢᠨ ᠪᠣᠳᠣᠯᠭ᠎ᠠ ᠶᠢᠨ ᠭᠠᠵᠠᠷ ᠤᠨ ᠳᠠᠷᠤᠭ᠎ᠠ ᠳ᠋᠊· ᠡᠷᠳᠡᠨᠢᠪᠠᠶᠠᠷ ᠶᠠᠷᠢᠨ᠎ᠠ᠃ | ︽ᠲᠠᠯ᠎ᠠ ᠨᠤᠲᠤᠭ ᠤᠨ ᠲᠣᠷᠭᠠᠨ ᠵᠠᠮ︾ ᠪᠣᠯᠣᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠴᠢᠬᠤᠯᠠ | ᠬᠦᠢᠰᠦ ᠪᠠ ᠨᠡᠪᠲᠡᠷᠡᠬᠦ ᠵᠠᠮ ᠪᠣᠯᠤᠭᠰᠠᠨ ᠮᠠᠨ ᠤ ᠣᠷᠣᠨ᠂ ᠡᠸᠦ᠋ᠷᠦᠫᠡ ᠠᠽᠢᠶ᠎ᠠ ᠶᠢᠨ ᠡᠬᠡ ᠬᠠᠭᠤᠷᠠᠢ ᠶᠢᠨ ᠠᠵᠤ | ᠠᠬᠤᠢ ᠠᠷᠠᠯᠵᠢᠶᠠᠨ ᠤ ᠬᠥᠭᠵᠢᠯᠲᠡ ᠪᠣᠯᠣᠨ ᠰᠣᠶᠣᠯ ᠤᠨ ᠰᠣᠯᠢᠯᠴᠠᠭ᠎ᠠ ᠳᠤᠮᠳᠠ ᠣᠷᠣᠯᠠᠭᠤᠯᠵᠤ ᠪᠣᠯᠣᠰᠢ ᠦᠭᠡᠢ | ᠴᠢᠬᠤᠯᠠ ᠦᠢᠯᠡᠳᠦᠯ ᠦᠵᠡᠭᠦᠯᠦᠭᠰᠡᠭᠡᠷ ᠢᠷᠡᠭᠰᠡᠨ ᠪᠥᠭᠡᠳ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ | ᠬᠤᠪᠢᠷᠠᠯᠲᠠ᠂ ᠲᠡᠦᠬᠡ ᠶᠢᠨ ᠬᠤᠪᠢᠷᠠᠯᠲᠠ ᠳᠤ ᠵᠣᠬᠢᠴᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠰᠢᠯᠤᠭᠤᠳᠬᠠᠬᠤ ᠳᠤᠮᠳᠠ ᠤᠯᠠᠮ ᠠᠴᠠ ᠤᠯᠠᠮ | ᠴᠢᠬᠤᠯᠠ ᠦᠢᠯᠡᠳᠦᠯ ᠦᠵᠡᠭᠦᠯᠭᠦ ᠪᠣᠯᠤᠭᠰᠠᠨ ᠶᠤᠮ᠃ | - ᠪᠢᠳᠡ ᠲᠣᠰ ᠤᠳᠠᠭ᠎ᠠ ᠶᠢᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠠᠵᠤ ᠠᠬᠤᠶᠢᠯᠠᠯ ᠤᠨ | ᠦᠢᠯᠡᠳᠬᠦᠨ ᠢᠶᠠᠨ ᠳᠤᠮᠳᠠᠳᠤ ᠠᠽᠢᠶ᠎ᠠ ᠶᠢᠨ ᠲᠠᠪᠤᠨ ᠤᠯᠤᠰ ᠲᠡᠶᠢᠰᠢ ᠬᠥᠭᠵᠢᠭᠦᠯᠵᠦ᠂ ᠲᠦᠭᠦᠬᠡᠢ ᠮᠠᠲ᠋ᠧᠷᠢᠶᠠᠯ ᠤᠨ | ᠡᠬᠢ ᠪᠠᠶᠠᠯᠢᠭ ᠤᠨ ᠲᠠᠯ᠎ᠠ ᠪᠠᠷ ᠬᠠᠮᠲᠤ ᠪᠠᠷ ᠡᠳ᠋ᠯᠡᠵᠦ᠂ ᠵᠠᠬ᠎ᠠ ᠳᠡᠯᠭᠡᠭᠦᠷ ᠢ ᠬᠠᠮᠲᠤ ᠪᠠᠷ ᠪᠠᠶᠢᠭᠤᠯᠬᠤ ᠶᠢ ᠬᠦᠰᠡᠵᠦ | ᠪᠠᠶᠢᠨ᠎ᠠ ᠭᠡᠵᠦ ᠥᠪᠥᠷ ᠮᠣᠩᠭᠤᠯ ᠤᠨ ᠣᠷᠳᠣᠰ ᠣᠯᠠᠨ ᠤᠯᠤᠰ ᠤᠨ ᠠᠷᠠᠯᠵᠢᠶᠠᠨ ᠤ ᠬᠢᠵᠠᠭᠠᠷᠲᠤ ᠺᠤᠮᠫᠠᠨᠢ ᠶᠢᠨ | ᠶᠡᠷᠦᠩᠬᠡᠢ ᠳᠠᠭᠠᠭᠠᠮᠠᠯ ᠪᠠᠢ ᠡᠯ ᠶᠦᠨ ᠬᠡᠯᠡᠨ᠎ᠡ᠃ | - ᠳᠤᠮᠳᠠᠳᠤ ᠠᠽᠢᠶ᠎ᠠ ᠶᠢᠨ ᠲᠠᠪᠤᠨ ᠤᠯᠤᠰ᠂ ᠵᠡᠭᠦᠨ ᠡᠮᠦᠨᠡᠲᠦ ᠠᠽᠢᠶ᠎ᠠ᠂ ᠵᠡᠭᠦᠨ ᠬᠤᠶᠢᠲᠤ ᠠᠽᠢᠶ᠎ᠠ ᠪᠣᠯ ᠮᠠᠨ | ᠤ ᠭᠤᠣᠯ ᠪᠤᠯᠬᠤ ᠵᠠᠬ᠎ᠠ ᠳᠡᠯᠭᠡᠭᠦᠷ ᠮᠥᠨ᠂ ᠪᠢᠳᠡ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠠᠯ᠎ᠠ ᠪᠠᠷ ᠲᠠ | ᠪᠦᠭᠦᠨ ᠲᠠᠢ ᠬᠠᠮᠲᠤᠷᠠᠯᠴᠠᠬᠤ ᠶᠢ ᠬᠦᠰᠡᠵᠦ ᠪᠠᠶᠢᠨ᠎ᠠ᠃ ᠲᠠᠨᠠᠷ ᠢ ᠪᠤᠭᠤᠲᠤ ᠳᠤ ᠬᠦᠷᠴᠦ ᠮᠠᠨ ᠤ ᠠᠵᠤ ᠠᠬᠤᠶᠢᠯᠠᠯ | ᠢᠶᠠᠷ ᠲᠣᠭᠤᠷᠢᠨ ᠦᠵᠡᠵᠦ ᠵᠢᠭᠠᠨ ᠵᠢᠯᠤᠭᠤᠳᠬᠤ ᠶᠢ ᠬᠦᠰᠡᠵᠦ ᠪᠠᠶᠢᠨ᠎ᠠ ᠭᠡᠵᠦ ᠪᠧᠢ ᠪᠧᠨ ᠬᠦᠨᠳᠦ ᠭᠡᠯᠪᠡᠷᠢ ᠶᠢᠨ | ᠮᠠᠰᠢᠨ ᠲᠡᠷᠭᠡᠨ ᠤ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢᠦᠢ ᠯᠢ ᠫᠢᠩ ᠠᠪᠠᠭ᠋ᠠᠢ | ᠤᠷᠢᠯᠭ᠎ᠠ ᠲᠠᠯᠪᠢᠯ᠎ᠠ᠃ | ᠁ | ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ︽ᠨᠢᠭᠡ ᠪᠦᠰᠡ ᠨᠢᠭᠡ ᠵᠠᠮ︾ | ᠤᠨ ᠰᠤᠳᠤᠯᠬᠤ ᠭᠠᠵᠠᠷ ᠤᠨ ᠳᠠᠷᠤᠭ᠎ᠠ ᠹᠠᠨ ᠯᠢ ᠵᠢᠶᠦ᠋ᠨ᠂ ᠲᠣᠰ ᠤᠳᠠᠭ᠎ᠠ ᠶᠢᠨ ᠬᠤᠷᠠᠯ ᠨᠢ ᠳᠤᠮᠳᠠᠳᠤ ᠤᠯᠤᠰ | ᠬᠢᠭᠡᠳ ᠳᠤᠮᠳᠠᠳᠤ ᠠᠽᠢᠶ᠎ᠠ ᠶᠢᠨ ᠤᠯᠤᠰ ᠤᠳ ᠤᠨ ᠣᠷᠣᠨ ᠪᠦᠰᠡ ᠶᠢᠨ ᠠᠵᠤ ᠠᠬᠤᠢ ᠠᠷᠠᠯᠵᠢᠶᠠᠨ ᠤ | ᠬᠠᠮᠲᠤᠷᠠᠯᠴᠠᠭ᠎ᠠ ᠶᠢᠨ ᠨᠠᠩ ᠥᠷᠭᠡᠨ ᠬᠦᠷᠢᠶ᠎ᠡ᠂ ᠨᠠᠩ ᠭᠦᠨ ᠲᠠᠰ ᠳᠠᠪᠬᠤᠷᠭ᠎ᠠ ᠲᠡᠶᠢᠰᠢ ᠬᠥᠭᠵᠢᠬᠦ ᠶᠢ | ᠠᠬᠢᠭᠤᠯᠤᠭᠰᠠᠨ ᠢᠶᠠᠷ ᠪᠠᠷᠠᠬᠤ ᠦᠭᠡᠢ ᠥᠪᠥᠷ ᠮᠣᠩᠭᠤᠯ ᠤᠨ ᠨᠡᠭᠡᠭᠡᠯᠲᠡ ᠶᠢᠨ ᠵᠠᠮ ᠢ ᠨᠠᠩ ᠤᠷᠤᠭᠰᠢᠲᠠᠢ | ᠪᠤᠯᠭᠠᠵᠤ᠂ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠪᠠ ᠶᠡᠭᠡ ᠪᠠᠶᠢᠷᠢᠰᠢᠯ ᠢ ᠪᠤᠢ | ᠪᠣᠯᠭᠠᠪᠠ ᠭᠡᠯᠡ᠃ | ᠣᠨᠴᠠᠯᠢᠭᠲᠤ ᠠᠵᠤ ᠦᠢᠯᠡᠰ ᠢ ᠲᠠᠨᠢᠯᠴᠠᠭᠤᠯᠬᠤ᠂ ᠣᠯᠠᠨ ᠤᠯᠤᠰ ᠤᠨ ᠵᠠᠬ᠎ᠠ ᠳᠡᠯᠭᠡᠭᠦᠷ ᠲᠤ ᠨᠠᠩ | ᠰᠠᠶᠢᠲᠤᠷ ᠠᠭᠤᠰᠤᠯᠴᠠᠬᠤ᠂ ᠣᠯᠠᠨ ᠤᠯᠤᠰ ᠤᠨ ᠬᠠᠮᠲᠤᠷᠠᠯᠴᠠᠭ᠎ᠠ ᠶᠢ ᠡᠷᠢᠯᠬᠢᠯᠡᠬᠦ ᠳᠤ ᠳᠤᠮᠳᠠᠳᠤ ᠤᠯᠤᠰ ᠤᠨ | ᠥᠪᠥᠷ ᠮᠣᠩᠭᠤᠯ - ᠳᠤᠮᠳᠠᠳᠤ ᠠᠽᠢᠶ᠎ᠠ ᠶᠢᠨ ᠲᠠᠪᠤᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ | ᠤ ᠰᠤᠳᠤᠯᠤᠨ ᠶᠠᠷᠢᠯᠴᠠᠬᠤ ᠬᠤᠷᠠᠯ ᠡᠯᠪᠡᠭ ᠪᠠᠶᠠᠯᠢᠭ ᠠᠵᠠ ᠲᠣᠭᠢᠶᠠᠯ ᠬᠠᠩᠭᠠᠵᠤ᠂ ᠰᠢᠨ᠎ᠡ ᠡᠭᠢᠯᠡᠯᠳᠡ ᠰᠢᠨ᠎ᠡ | ᠬᠥᠭᠵᠢᠯᠲᠡ ᠰᠢᠨ᠎ᠡ ᠦᠢᠯᠡᠰ ᠤᠨ ᠥᠷᠭᠡᠨ ᠬᠠᠷᠭᠤᠢ ᠶᠢ ᠨᠡᠭᠡᠭᠡᠯ᠎ᠡ᠃ |