ᠴᠡᠪᠡᠷ ᠡᠨᠧᠷᠭᠢ ᠶᠢ ᠶᠡᠭᠡ ᠪᠠᠷ ᠨᠡᠭᠡᠭᠡᠨ ᠠᠰᠢᠭᠯᠠᠨ ᠭᠠᠳᠠᠭᠰᠢ ᠬᠦᠷᠭᠡᠬᠦ ᠶᠢ ᠠᠬᠢᠭᠤᠯᠵᠤ ᠮᠠᠨ ᠤ ᠣᠷᠣᠨ  ᠤ ᠨᠠᠢᠮᠠᠳᠤᠭᠠᠷ ᠵᠤᠷᠪᠤᠰ ᠣᠨᠴᠠ ᠥᠨᠳᠥᠷ ᠬᠦᠴᠦᠳᠡᠯᠲᠦ ᠴᠠᠭᠢᠯᠭᠠᠨ ᠬᠦᠷᠭᠡᠬᠦ ᠱᠤᠭᠤᠮ ᠤᠨ ᠪᠦᠲᠦᠭᠡᠨ ᠪᠠᠶᠢᠭᠤᠯᠤᠯᠲᠠ ᠡᠷᠴᠢᠮᠲᠡᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2023/9/11
     ᠨᠦᠬᠡ ᠮᠠᠯᠲᠠᠨ᠎ᠠ᠂ ᠰᠢᠷᠪᠦᠰᠦᠨ ᠪᠣᠯᠣᠳ ᠤᠨ ᠪᠤᠯᠠᠭᠠᠷᠢ ᠲᠠᠯᠪᠢᠨ᠎ᠠ᠂ ᠪᠧᠲ᠋ᠤᠨ ᠴᠢᠳᠬᠤᠨ᠎ᠠ ᠁ ᠣᠶᠢᠷ᠎ᠠ ᠳᠤ ᠰᠢᠯᠢᠩᠬᠤᠲᠠ ᠳᠠᠬᠢ ᠵᠠᠩᠪᠧᠢ ᠠᠴᠠ ᠢᠯᠠᠯᠲᠠ ᠬᠦᠷᠬᠦ 1000 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠴᠠᠭᠢᠯᠭᠠᠨ ᠬᠦᠷᠭᠡᠬᠦ ᠴᠠᠭᠢᠯᠭᠠᠨ ᠬᠤᠪᠢᠰᠬᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠠᠵᠢᠯᠴᠢᠳ ᠥᠷᠥᠮᠳᠡᠭᠦᠷ ᠮᠠᠰᠢᠨ᠂ ᠤᠳᠬᠤᠭᠤᠷ ᠮᠠᠰᠢᠨ ᠢ ᠵᠢᠯᠣᠭᠤᠳᠤᠨ ᠡᠮᠬᠢ ᠵᠢᠷᠤᠮ ᠲᠠᠢ  ᠪᠠᠷ ᠶᠠᠭᠠᠷᠠᠯᠲᠠᠢ ᠠᠵᠢᠯᠯᠠᠵᠤ᠂ ᠴᠠᠭᠢᠯᠭᠠᠨ ᠬᠦᠷᠭᠡᠬᠦ ᠥᠨᠳᠥᠷ ᠲᠣᠮᠣ ᠲᠡᠮᠦᠷ ᠰᠤᠪᠤᠷᠭ᠎ᠠ ᠶᠢᠨ ᠰᠠᠭᠤᠷᠢ ᠶᠢ ᠪᠣᠰᠬᠠᠬᠤ ᠠᠵᠢᠯ ᠡᠷᠴᠢᠮᠲᠡᠢ ᠶᠠᠪᠤᠭᠳᠠᠵᠤ ᠪᠠᠶᠢᠨ᠎ᠠ᠃ ᠲᠤᠰ ᠴᠠᠭᠢᠯᠭᠠᠨ ᠬᠦᠷᠭᠡᠬᠦ ᠱᠤᠭᠤᠮ ᠪᠣᠯ ᠮᠠᠨ ᠤ ᠣᠷᠣᠨ ᠤ ᠨᠠᠢᠮᠠᠳᠤᠭᠠᠷ ᠵᠤᠷᠪᠤᠰ ᠣᠨᠴᠠ ᠥᠨᠳᠥᠷ ᠬᠦᠴᠦᠳᠡᠯᠲᠦ ᠴᠠᠭᠢᠯᠭᠠᠨ ᠬᠦᠷᠭᠡᠬᠦ ᠱᠤᠭᠤᠮ ᠪᠠᠶᠢᠵᠤ᠂ 8 ᠰᠠᠷ᠎ᠠ ᠶᠢᠨ 7  ᠳᠤ ᠠᠩᠬᠠᠨ ᠤ ᠰᠤᠪᠤᠷᠭ᠎ᠠ ᠶᠢᠨ ᠰᠠᠭᠤᠷᠢ ᠶᠢ ᠪᠣᠰᠬᠠᠬᠤ ᠠᠵᠢᠯ ᠡᠬᠢᠯᠡᠵᠦ᠂ 9 ᠰᠠᠷ᠎ᠠ ᠶᠢᠨ 5 ᠪᠤᠯᠬᠤ ᠳᠤ ᠲᠡᠮᠦᠷ ᠰᠤᠪᠤᠷᠭ᠎ᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠤᠨ ᠳᠦᠷᠪᠡᠨ ᠤ ᠨᠢᠭᠡ ᠭᠠᠷᠤᠢ ᠶᠢ ᠨᠢᠭᠡᠨᠲᠡ ᠪᠡᠶᠡᠯᠡᠭᠦᠯᠪᠡ᠃      ᠵᠠᠩᠪᠧᠢ ᠠᠴᠠ ᠢᠯᠠᠯᠲᠠ ᠬᠦᠷᠬᠦ 1000 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠴᠠᠭᠢᠯᠭᠠᠨ ᠬᠦᠷᠭᠡᠬᠦ ᠴᠠᠭᠢᠯᠭᠠᠨ ᠬᠤᠪᠢᠰᠬᠠᠬᠤ ᠢᠨᠵᠧᠨᠧᠷᠢᠩ ᠪᠣᠯ ᠮᠠᠨ ᠤ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾  ᠤᠨ ︽ᠭᠤᠷᠪᠠᠨ ᠬᠤᠪᠢᠰᠤᠮᠠᠯ ᠭᠦᠶᠦᠳᠡᠯᠲᠦ ᠶᠢᠰᠦᠨ ᠲᠣᠭᠲᠠᠮᠠᠯ ᠭᠦᠶᠦᠳᠡᠯᠲᠦ︾ ᠮᠤᠵᠢ ᠠᠯᠤᠰᠯᠠᠭᠰᠠᠨ ᠴᠠᠭᠢᠯᠭᠠᠨ ᠬᠦᠷᠭᠡᠬᠦ ᠢᠨᠵᠧᠨᠧᠷᠢᠩ ᠤᠨ ᠳᠣᠲᠣᠷᠠᠬᠢ ᠬᠠᠮᠤᠭ ᠤᠨ ᠲᠦᠷᠦᠭᠦᠨ ᠳᠤ ᠵᠥᠪᠰᠢᠶᠡᠷᠡᠯ ᠣᠯᠣᠭᠰᠠᠨ ᠢᠨᠵᠧᠨᠧᠷᠢᠩ ᠮᠥᠨ᠃ ᠲᠤᠰ ᠢᠨᠵᠧᠨᠧᠷᠢᠩ ᠤᠨ ᠶᠡᠷᠦᠩᠬᠡᠢ ᠪᠡᠯᠡ ᠤᠷᠤᠭᠤᠯᠤᠯᠳᠠ 67.86 ᠳ᠋ᠦᠩᠰᠢᠭᠤᠷ ᠲᠥᠭᠦᠷᠢᠭ ᠲᠤ ᠬᠦᠷᠴᠦ᠂ ᠡᠭᠢᠯᠡᠯᠳᠡ ᠶᠢᠨ ᠴᠡᠭ ᠨᠢ ᠾᠧᠪᠧᠢ ᠶᠢᠨ ᠵᠠᠩᠪᠧᠢ ᠰᠢᠶᠠᠨ ᠳᠠᠬᠢ ᠵᠠᠩᠪᠧᠢ 1000 ᠺᠢᠯᠤᠸᠤᠯᠲ ᠤᠨ ᠬᠤᠪᠢᠰᠤᠮᠠᠯ ᠭᠦᠶᠦᠳᠡᠯᠲᠦ ᠴᠠᠭᠢᠯᠭᠠᠨ ᠬᠦᠴᠦᠳᠡᠯ ᠥᠭᠡᠷᠡᠴᠢᠯᠡᠬᠦ ᠦᠷᠳᠡᠭᠡ᠂ ᠡᠴᠦᠰ ᠤᠨ ᠴᠡᠭ ᠨᠢ ᠰᠢᠯᠢᠩᠬᠤᠲᠠ  ᠳᠠᠬᠢ ᠢᠯᠠᠯᠲᠠ 1000 ᠺᠢᠯᠤᠸᠤᠯᠲ ᠤᠨ ᠬᠤᠪᠢᠰᠤᠮᠠᠯ ᠭᠦᠶᠦᠳᠡᠯᠲᠦ ᠴᠠᠭᠢᠯᠭᠠᠨ ᠬᠦᠴᠦᠳᠡᠯ ᠥᠭᠡᠷᠡᠴᠢᠯᠡᠬᠦ ᠦᠷᠳᠡᠭᠡ ᠪᠠᠶᠢᠵᠤ᠂ ᠥᠪᠥᠷ ᠮᠣᠩᠭᠤᠯ ᠤᠨ ᠬᠢᠯᠢ ᠳᠤ ᠰᠢᠯᠢ ᠶᠢᠨ ᠭᠤᠣᠯ ᠠᠶᠢᠮᠠᠭ ᠤᠨ ᠲᠠᠶᠢᠪᠤᠰᠧ ᠬᠤᠰᠢᠭᠤ᠂ ᠰᠢᠯᠤᠭᠤᠨ ᠬᠥᠬᠡ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠠᠪᠠᠭ᠎ᠠ ᠬᠤᠰᠢᠭᠤ᠂ ᠰᠢᠯᠢᠩᠬᠤᠲᠠ ᠵᠡᠷᠭᠡ ᠭᠠᠵᠠᠷ ᠢᠶᠠᠷ ᠳᠠᠭᠠᠷᠢᠨ᠂ 1079 ᠲᠡᠮᠦᠷ ᠰᠤᠪᠤᠷᠭ᠎ᠠ ᠶᠢ ᠰᠢᠨ᠎ᠡ ᠪᠠᠷ ᠪᠣᠰᠬᠠᠵᠤ᠂ 2x285.9 ᠺᠢᠯᠣᠮᠧᠲᠷ ᠤᠨ ᠴᠠᠭᠢᠯᠭᠠᠨ ᠱᠤᠭᠤᠮ ᠢ ᠪᠠᠶᠢᠭᠤᠯᠤᠨ᠂ ᠳᠠᠷᠠᠭ᠎ᠠ ᠵᠢᠯ ᠤᠨ 12 ᠰᠠᠷ᠎ᠠ ᠳᠤ ᠠᠰᠢᠭᠯᠠᠯᠲᠠ ᠳᠤ ᠤᠷᠤᠭᠤᠯᠬᠤ ᠪᠠᠷ ᠲᠥᠯᠥᠪᠯᠡᠵᠦ ᠪᠤᠢ᠃      ᠲᠤᠰ ᠴᠠᠭᠢᠯᠭᠠᠨ ᠬᠦᠷᠭᠡᠬᠦ ᠱᠤᠭᠤᠮ ᠠᠰᠢᠭᠯᠠᠯᠲᠠ ᠳᠤ ᠣᠷᠣᠪᠠᠯ ᠰᠢᠯᠢ ᠶᠢᠨ ᠭᠤᠣᠯ ᠠᠶᠢᠮᠠᠭ ᠤᠨ ︽ᠬᠤᠶᠠᠷ ᠬᠤᠪᠢᠰᠤᠮᠠᠯ ᠭᠦᠶᠦᠳᠡᠯᠲᠦ ᠨᠢᠭᠡ ᠲᠣᠭᠲᠠᠮᠠᠯ ᠭᠦᠶᠦᠳᠡᠯᠲᠦ︾ ᠴᠠᠭᠢᠯᠭᠠᠨ ᠢ ᠭᠠᠳᠠᠭᠰᠢ ᠬᠦᠷᠭᠡᠬᠦ ᠪᠠᠶᠢᠷᠢᠰᠢᠯ ᠢ ᠪᠦᠷᠢᠯᠳᠦᠭᠦᠯᠵᠦ᠂ ᠵᠢᠯ ᠳᠡᠭᠡᠨ ᠪᠡᠭᠡᠵᠢᠩ ᠲᠢᠶᠠᠨᠵᠢᠨ ᠾᠧᠪᠧᠢ ᠱᠠᠨᠳᠦ᠋ᠩ᠂ ᠵᠢᠶᠠᠩᠰᠤ ᠵᠡᠷᠭᠡ ᠣᠷᠣᠨ  ᠳᠤ 700 ᠳ᠋ᠦᠩᠰᠢᠭᠤᠷ ᠺᠢᠯᠣᠸᠠᠲ ᠴᠠᠭ ᠣᠷᠴᠢᠮ ᠤᠨ ᠴᠠᠭᠢᠯᠭᠠᠨ ᠬᠦᠷᠭᠡᠵᠦ᠂ ᠮᠠᠨ ᠤ ᠤᠯᠤᠰ ᠤᠨ ᠤᠮᠠᠷᠠᠲᠤ ᠣᠷᠣᠨ ᠤ ᠣᠨᠴᠠ ᠥᠨᠳᠥᠷ ᠬᠦᠴᠦᠳᠡᠯᠲᠦ ᠴᠠᠭᠢᠯᠭᠠᠨ ᠬᠦᠷᠭᠡᠬᠦ ᠱᠤᠭᠤᠮ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠣᠷᠣᠨ ᠪᠦᠰᠡ ᠶᠢᠨ ᠴᠠᠭᠢᠯᠭᠠᠨ ᠲᠣᠣᠷ ᠤᠨ ᠠᠮᠤᠷ ᠲᠦᠪᠰᠢᠨ ᠲᠣᠭᠲᠠᠭᠤᠨ ᠴᠢᠨᠠᠷ ᠵᠢᠴᠢ ᠰᠢᠯᠢ ᠶᠢᠨ ᠭᠤᠣᠯ ᠠᠶᠢᠮᠠᠭ᠂ ᠵᠠᠩᠪᠧᠢ ᠰᠢᠶᠠᠨ ᠤ ᠴᠠᠭᠢᠯᠭᠠᠨ ᠢ ᠭᠠᠳᠠᠭᠰᠢ ᠬᠦᠷᠭᠡᠬᠦ ᠴᠢᠳᠠᠪᠤᠷᠢ ᠪᠠ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠤ᠂ ᠰᠢᠯᠢ ᠶᠢᠨ ᠭᠤᠣᠯ ᠤᠨ ᠴᠡᠪᠡᠷ ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠠᠰᠢᠭᠯᠠᠵᠤ ᠭᠠᠳᠠᠭᠰᠢ ᠬᠦᠷᠭᠡᠬᠦ ᠶᠢ ᠠᠬᠢᠭᠤᠯᠬᠤ ᠪᠣᠯᠣᠨ᠎ᠠ᠃      ᠮᠠᠨ ᠤ ᠣᠷᠣᠨ ᠪᠣᠯ ᠡᠨᠧᠷᠭᠢ ᠶᠢᠨ ᠶᠡᠭᠡ ᠣᠷᠣᠨ ᠮᠥᠨ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ  ᠤᠨ ᠮᠠᠨ ᠤ ᠣᠷᠣᠨ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠣᠨ᠎ᠠ᠃ ᠤᠯᠤᠰ ᠤᠨ ᠴᠠᠭᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠪᠡᠶ᠎ᠡ ᠶᠢᠨ ᠴᠠᠭᠢᠯᠭᠠᠨ ᠬᠦᠴᠦᠨ ᠤ ᠬᠢᠵᠠᠭᠠᠷᠲᠤ ᠺᠤᠮᠫᠠᠨᠢ ᠶᠢᠨ ᠤᠯᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠮᠠᠨ ᠤ ᠣᠷᠣᠨ ᠣᠳᠣᠬᠠᠨ ᠳᠤ ᠨᠢᠭᠡᠨᠲᠡ ᠰᠢᠯᠢ ᠶᠢᠨ ᠭᠤᠣᠯ ᠠᠶᠢᠮᠠᠭ - ᠱᠠᠨᠳᠦ᠋ᠩ ᠳᠤ ᠬᠦᠷᠬᠦ 1000 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠬᠤᠪᠢᠰᠤᠮᠠᠯ ᠭᠦᠶᠦᠳᠡᠯᠲᠦ ᠴᠠᠭᠢᠯᠭᠠᠨ ᠬᠦᠷᠭᠡᠬᠦ ᠢᠨᠵᠧᠨᠧᠷᠢᠩ᠂ ᠥᠪᠥᠷ ᠮᠣᠩᠭᠤᠯ ᠤᠨ ᠪᠠᠷᠠᠭᠤᠨ ᠪᠡᠶ᠎ᠡ - ᠲᠢᠶᠠᠨᠵᠢᠨ ᠤ ᠡᠮᠦᠨ᠎ᠡ ᠬᠦᠷᠬᠦ 1000 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠬᠤᠪᠢᠰᠤᠮᠠᠯ ᠭᠦᠶᠦᠳᠡᠯᠲᠦ ᠴᠠᠭᠢᠯᠭᠠᠨ ᠬᠦᠷᠭᠡᠬᠦ ᠢᠨᠵᠧᠨᠧᠷᠢᠩ᠂ ᠱᠠᠩᠬᠤ ᠶᠢᠨ ᠰᠦᠮ᠎ᠡ - ᠱᠠᠨᠳᠦ᠋ᠩ ᠳᠤ ᠬᠦᠷᠬᠦ + 800 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠲᠣᠭᠲᠠᠮᠠᠯ ᠭᠦᠶᠦᠳᠡᠯᠲᠦ ᠴᠠᠭᠢᠯᠭᠠᠨ ᠬᠦᠷᠭᠡᠬᠦ ᠢᠨᠵᠧᠨᠧᠷᠢᠩ᠂ ᠰᠢᠯᠢ ᠶᠢᠨ ᠭᠤᠣᠯ ᠠᠶᠢᠮᠠᠭ - ᠳᠠᠶᠢᠵᠸᠦ ᠬᠦᠷᠬᠦ + 800 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠲᠣᠭᠲᠠᠮᠠᠯ ᠭᠦᠶᠦᠳᠡᠯᠲᠦ ᠴᠠᠭᠢᠯᠭᠠᠨ ᠬᠦᠷᠭᠡᠬᠦ ᠢᠨᠵᠧᠨᠧᠷᠢᠩ᠂ ᠰᠢᠯᠢ ᠶᠢᠨ ᠭᠤᠣᠯ ᠠᠶᠢᠮᠠᠭ ︵ᠳᠤᠯᠤᠨ ᠨᠤᠤᠷ︶ - ᠢᠯᠠᠯᠲᠠ ᠳᠤ ᠬᠦᠷᠬᠦ 1000 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠬᠤᠪᠢᠰᠤᠮᠠᠯ ᠭᠦᠶᠦᠳᠡᠯᠲᠦ ᠴᠠᠭᠢᠯᠭᠠᠨ ᠬᠦᠷᠭᠡᠬᠦ ᠢᠨᠵᠧᠨᠧᠷᠢᠩ᠂ ᠵᠠᠷᠤᠳ - ᠴᠢᠩᠵᠧᠤ ᠬᠦᠷᠬᠦ + 800 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠲᠣᠭᠲᠠᠮᠠᠯ ᠭᠦᠶᠦᠳᠡᠯᠲᠦ ᠴᠠᠭᠢᠯᠭᠠᠨ ᠬᠦᠷᠭᠡᠬᠦ ᠢᠨᠵᠧᠨᠧᠷᠢᠩ᠂ ᠥᠪᠥᠷ ᠮᠣᠩᠭᠤᠯ ᠤᠨ ᠪᠠᠷᠠᠭᠤᠨ ᠪᠡᠶ᠎ᠡ - ᠱᠠᠨ ᠰᠢ  ᠶᠢᠨ ᠳᠤᠮᠳᠠ ᠪᠡᠶ᠎ᠡ ᠬᠦᠷᠬᠦ 1000 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠬᠤᠪᠢᠰᠤᠮᠠᠯ ᠭᠦᠶᠦᠳᠡᠯᠲᠦ ᠴᠠᠭᠢᠯᠭᠠᠨ ᠬᠦᠷᠭᠡᠬᠦ ᠢᠨᠵᠧᠨᠧᠷᠢᠩ ᠵᠡᠷᠭᠡ  ︽ᠳᠦᠷᠪᠡᠨ ᠬᠤᠪᠢᠰᠤᠮᠠᠯ ᠭᠦᠶᠦᠳᠡᠯᠲᠦ ᠭᠤᠷᠪᠠᠨ ᠲᠣᠭᠲᠠᠮᠠᠯ ᠭᠦᠶᠦᠳᠡᠯᠲᠦ︾ ᠣᠨᠴᠠ ᠥᠨᠳᠥᠷ ᠬᠦᠴᠦᠳᠡᠯᠲᠦ ᠴᠠᠭᠢᠯᠭᠠᠨ ᠬᠦᠷᠭᠡᠬᠦ ᠱᠤᠭᠤᠮ ᠢ ᠪᠠᠶᠢᠭᠤᠯᠵᠤ᠂  ᠡᠮᠦᠨ᠎ᠡ ᠤᠮᠠᠷ᠎ᠠ  ᠶᠢ ᠬᠤᠯᠪᠣᠭᠰᠠᠨ  ︽ᠥᠪᠥᠷ ᠮᠣᠩᠭᠤᠯ ᠤᠨ ᠴᠠᠭᠢᠯᠭᠠᠨ ᠢ ᠭᠠᠳᠠᠭᠰᠢ ᠬᠦᠷᠭᠡᠬᠦ︾  ᠬᠤᠷᠳᠤᠨ ᠤ ᠵᠠᠮ ᠢ ᠪᠠᠶᠢᠭᠤᠯᠪᠠ᠃      ᠡᠨᠡ ᠵᠢᠯ ᠮᠠᠨ ᠤ ᠣᠷᠣᠨ ᠭᠤᠣᠯᠳᠠᠯᠭ᠎ᠠ ᠲᠠᠢ ᠲᠦᠷᠦᠯ ᠵᠦᠢᠯ ᠳᠠᠬᠢ ᠪᠡᠯᠡ ᠤᠷᠤᠭᠤᠯᠤᠯᠳᠠ ᠶᠢᠨ ᠡᠷᠴᠢᠮ  ᠢᠶᠠᠨ ᠦᠷᠭᠦᠯᠵᠢᠯᠡᠨ ᠴᠢᠩᠭᠠᠳᠬᠠᠨ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ  ᠶᠢ ᠱᠠᠯᠠᠪᠳᠠᠨ ᠠᠬᠢᠭᠤᠯᠵᠤ᠂ ᠵᠠᠩᠪᠧᠢ ᠠᠴᠠ ᠢᠯᠠᠯᠲᠠ ᠬᠦᠷᠬᠦ 1000 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠴᠠᠭᠢᠯᠭᠠᠨ ᠬᠦᠷᠭᠡᠬᠦ ᠴᠠᠭᠢᠯᠭᠠᠨ ᠬᠤᠪᠢᠰᠬᠠᠬᠤ ᠢᠨᠵᠧᠨᠧᠷᠢᠩ ᠢ ᠪᠦᠲᠦᠭᠡᠨ ᠪᠠᠶᠢᠭᠤᠯᠬᠤ ᠠᠴᠠ ᠭᠠᠳᠠᠨ᠎ᠠ᠂ ᠡᠯᠡᠰᠦ ᠮᠠᠩᠬ᠎ᠠ ᠭᠤᠪᠢ ᠨᠤᠲᠤᠭ ᠴᠦᠯᠯᠡᠷᠭᠡᠭ ᠭᠠᠵᠠᠷ ᠲᠤ ᠲᠣᠮᠣ ᠭᠡᠯᠪᠡᠷᠢ ᠶᠢᠨ ᠰᠠᠯᠬᠢᠨ ᠬᠦᠴᠦ ᠶᠢᠨ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠳᠤ ᠢᠳᠡᠪᠬᠢᠲᠡᠢ ᠦᠢᠯᠡᠴᠢᠯᠡᠨ᠂ ᠬᠥᠪᠴᠢ ᠶᠢᠨ ᠡᠯᠡᠰᠦᠨ ᠤ 400 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠲᠥᠪᠯᠡᠷᠡᠭᠦᠯᠬᠦ ᠢᠨᠵᠧᠨᠧᠷᠢᠩ ᠤᠨ ᠲᠣᠣᠷ ᠲᠤ ᠵᠠᠯᠠᠭᠠᠬᠤ ᠲᠥᠰᠥᠯ ᠢ ᠰᠤᠳᠤᠯᠤᠨ ᠲᠣᠭᠲᠠᠭᠠᠵᠤ᠂ ᠪᠠᠶᠠᠨᠬᠤᠸᠠ ᠶᠢᠨ ᠴᠠᠭᠢᠯᠭᠠᠨ ᠦᠢᠯᠡᠳᠪᠦᠷᠢ ᠶᠢᠨ 500 ᠺᠢᠯᠤᠸᠤᠯᠲ ᠤᠨ ᠴᠠᠭᠢᠯᠭᠠᠨ ᠢ ᠭᠠᠳᠠᠭᠰᠢ ᠬᠦᠷᠭᠡᠬᠦ ᠢᠨᠵᠧᠨᠧᠷᠢᠩ ᠵᠡᠷᠭᠡ ᠭᠤᠤᠯᠳᠠᠯᠠᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠴᠢᠮᠲᠡᠢ ᠠᠬᠢᠭᠤᠯᠵᠤ᠂ ᠥᠪᠥᠷ ᠮᠣᠩᠭᠤᠯ ᠤᠨ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号