ᠬᠠᠳᠠ ᠪᠠᠷᠠᠭᠤᠨ ᠤᠯᠠᠭᠠᠨᠪᠤᠯᠠᠭ ᠪᠠᠯᠭᠠᠰᠤᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/12
     9 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠪᠠᠷᠠᠭᠤᠨ ᠤᠯᠠᠭᠠᠨᠪᠤᠯᠠᠭ ᠪᠠᠯᠭᠠᠰᠤᠨ ᠳᠤ ᠭᠦᠨᠵᠡᠭᠡᠶᠢᠷᠡᠨ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      ᠬᠠᠳᠠ ᠨᠠᠷ ᠤᠷᠢᠳ ᠬᠤᠵᠢᠳ ᠨᠣᠶᠢᠯ ᠪᠤᠭᠤᠳᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠰᠢᠪᠠᠷᠲᠠᠢ ᠲᠣᠰᠬᠤᠨ ᠤ ᠲᠠᠷᠢᠶᠠᠨ ᠭᠠᠵᠠᠷ ᠤᠨ ᠨᠥᠭᠡᠴᠡ ᠶᠢᠨ ᠬᠥᠮᠥᠷᠭᠡ᠂ ᠴᠧᠨ ᠭᠤᠸᠠᠩ ᠲᠡᠮᠦᠷ ᠤᠨ ᠠᠭᠤᠷᠬᠠᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠬᠦ᠂  ᠶᠠᠷᠢᠯᠴᠠᠵᠤ ᠣᠯᠣᠯᠴᠠᠬᠤ ᠵᠡᠷᠭᠡ ᠠᠷᠭ᠎ᠠ ᠬᠡᠯᠪᠡᠷᠢ ᠪᠠᠷ ᠡᠯ᠎ᠡ ᠭᠤᠣᠯᠳᠠᠯᠭ᠎ᠠ ᠲᠠᠢ ᠠᠵᠢᠯ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠠᠵᠢᠯ ᠢᠶᠠᠨ ᠠᠬᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠯᠠᠪᠯᠠᠨ ᠠᠰᠠᠭᠤᠪᠠ᠃      ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠬᠠᠳᠠ ᠪᠠᠷᠠᠭᠤᠨ ᠤᠯᠠᠭᠠᠨᠪᠤᠯᠠᠭ ᠪᠠᠯᠭᠠᠰᠤᠨ ᠤ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠵᠢᠴᠢ ᠬᠤᠶᠢᠰᠢᠳᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠲᠤᠰ ᠪᠠᠯᠭᠠᠰᠤᠨ ᠤ ᠠᠵᠢᠯ ᠤᠨ ᠠᠬᠢᠴᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠰᠠᠨᠠᠭᠤᠯᠭ᠎ᠠ ᠥᠭᠴᠡᠢ᠃      ᠬᠠᠳᠠ ᠪᠠᠷᠠᠭᠤᠨ ᠤᠯᠠᠭᠠᠨᠪᠤᠯᠠᠭ ᠪᠠᠯᠭᠠᠰᠤᠨ ᠤ ᠣᠳᠣᠬᠠᠨ ᠤ ᠬᠡᠰᠡᠭ ᠠᠵᠢᠯ ᠢ ᠭᠦᠢᠴᠡᠳ ᠨᠤᠲᠠᠯᠠᠵᠤ᠂ ᠡᠯ᠎ᠡ ᠵᠦᠢᠯ ᠤᠨ ᠠᠵᠢᠯ ᠤᠨ ᠲᠠᠷᠠᠭᠠᠴᠢ ᠶᠢᠨ ᠠᠯᠬᠤᠮ ᠤᠨ ᠬᠡᠷᠡᠭᠵᠢᠭᠦᠯᠦᠯᠲᠡ ᠳᠤ ᠴᠢᠭᠯᠡᠯ ᠢ ᠲᠣᠳᠣᠷᠬᠠᠢ ᠵᠢᠭᠠᠭᠰᠠᠨ ᠪᠠᠶᠢᠨ᠎ᠠ᠃      ᠬᠠᠳᠠ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠤᠳᠤᠷᠢᠳᠤᠯᠭ᠎ᠠ ᠬᠥᠭᠵᠢᠯᠲᠡ ᠶᠢᠨ ᠰᠡᠳᠬᠢᠴᠡ ᠪᠠᠨ ᠴᠢᠨᠠᠭᠰᠢᠳᠠ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠲᠥᠯᠥᠪᠵᠢᠭᠦᠯᠵᠦ᠂ ᠤᠳᠤ ᠶᠢᠨ ᠪᠠᠶᠢᠭ᠎ᠠ ᠰᠠᠭᠤᠷᠢᠨ ᠳᠡᠭᠡᠷ᠎ᠡ ᠬᠤᠶᠢᠰᠢᠳᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠠᠶᠢᠷᠢᠰᠢᠭᠤᠯᠵᠤ ᠲᠡᠭᠦᠯᠳᠡᠷᠵᠢᠭᠦᠯᠬᠦ ᠬᠡᠷᠡᠭᠲᠡᠢ︔ ᠳᠠᠷᠢᠵᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠥᠯᠦᠪᠵᠢᠭᠦᠯᠭᠡ ᠶᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠳᠤ ᠬᠡᠷᠡᠭᠰᠡᠬᠦ ᠴᠠᠭ᠂ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠦᠨᠡᠨ ᠠᠴᠠ ᠵᠥᠪ ᠢ ᠡᠷᠢᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠡᠶᠡᠯᠡᠭᠦᠯᠬᠦ ᠬᠡᠷᠡᠭᠲᠡᠢ︔ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠤᠣᠯᠳᠠᠯᠭ᠎ᠠ ᠲᠠᠢ ᠠᠵᠢᠯ ᠪᠣᠯᠭᠠᠨ ᠥᠷᠨᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠶᠢ ᠪᠠᠲᠤᠯᠠᠬᠤ ᠬᠡᠷᠡᠭᠲᠡᠢ︔ ᠬᠥᠳᠡᠭᠡ ᠲᠣᠰᠬᠤᠨ ᠤ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠬᠢᠬᠦ ᠳᠡᠭᠡᠨ ᠪᠣᠳᠠᠲᠤ ᠪᠠᠶᠢᠳᠠᠯ ᠳᠤ ᠰᠠᠭᠤᠷᠢᠯᠠᠨ᠂ ᠲᠤᠰ ᠲᠣᠰᠬᠤᠨ ᠳᠠᠭᠠᠨ ᠲᠣᠬᠢᠷᠠᠭᠰᠠᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠬᠢᠵᠦ᠂ ᠠᠶᠢᠯ ᠲᠣᠰᠬᠤᠨ ᠢ ᠦᠨᠡᠨᠬᠦ ᠨᠡᠩ ᠭᠤᠶᠤ᠂ ᠨᠡᠩ ᠰᠠᠶᠢᠨ ᠪᠣᠯᠭᠠᠵᠤ᠂ ᠬᠠᠷᠠᠴᠠ ᠪᠠᠨ ᠠᠯᠤᠰ ᠬᠤᠯᠠ ᠲᠠᠯᠪᠢᠵᠤ᠂ ᠦᠨᠡᠨᠬᠦ ᠠᠷᠠᠳ ᠤᠯᠠᠨ ᠤ ᠵᠣᠭᠰᠣᠯᠲᠠ ᠳᠤ ᠵᠣᠭᠰᠣᠵᠤ᠂ ᠠᠷᠠᠳ ᠤᠯᠠᠨ ᠳᠤ ᠪᠣᠳᠠᠲᠠᠢ ᠠᠵᠢᠯ ᠬᠢᠵᠦ᠂ ᠠᠰᠢᠭ ᠲᠤᠰᠠ ᠣᠯᠭᠤᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号