ᠬᠤᠨᠠᠨ ᠮᠤᠵᠢ ᠶᠢᠨ ᠱᠤᠤᠶᠠᠩ ᠬᠤᠳᠠ ᠶᠢᠨ ᠱᠤᠸᠠᠩ ᠴᠢᠩ ᠲᠣᠭᠤᠷᠢᠭ ᠪᠣᠯᠣᠨ ᠦᠴᠦᠸᠠᠨ ᠰᠢᠶᠠᠨ ᠬᠠᠮᠲᠤ ᠪᠠᠷ ︽ᠬᠤᠪᠢᠰᠬᠠᠯ ᠤᠨ ᠲᠡᠦᠬᠡ ᠶᠢ ᠡᠷᠭᠢᠴᠡᠭᠦᠯᠵᠦ ᠦᠷᠡᠭᠳᠡᠭᠰᠡᠨ ᠪᠠᠭᠠᠲᠤᠷᠴᠤᠳ ᠤᠨ ᠤᠯᠠ ᠮᠥᠷ ᠢ ᠮᠥᠷᠳᠡᠵᠦ ᠱᠤᠸᠠᠩ ᠡᠦ ᠶᠢᠨ ᠨᠥᠬᠦᠷᠯᠡᠯ ᠢ ᠶᠠᠷᠢᠵᠤ ᠬᠤᠶᠠᠷ ᠭᠠᠵᠠᠷ ᠤᠨ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2023/9/12
     9 ᠰᠠᠷ᠎ᠠ ᠶᠢᠨ 7  ᠤ ᠡᠳᠦᠷ᠂ ᠬᠤᠨᠠᠨ ᠮᠤᠵᠢ ᠶᠢᠨ ᠱᠤᠤᠶᠠᠩ ᠬᠤᠳᠠ ᠶᠢᠨ ᠱᠤᠸᠠᠩ ᠴᠢᠩ ᠲᠣᠭᠤᠷᠢᠭ ᠪᠣᠯᠣᠨ ᠦᠴᠦᠸᠠᠨ ᠰᠢᠶᠠᠨ ᠬᠠᠮᠲᠤ ᠪᠠᠷ ︽ᠬᠤᠪᠢᠰᠬᠠᠯ ᠤᠨ ᠲᠡᠦᠬᠡ ᠶᠢ ᠡᠷᠭᠢᠴᠡᠭᠦᠯᠵᠦ᠂ ᠦᠷᠡᠭᠳᠡᠭᠰᠡᠨ ᠪᠠᠭᠠᠲᠤᠷᠴᠤᠳ ᠤᠨ ᠤᠯᠠ ᠮᠥᠷ ᠢ ᠮᠥᠷᠳᠡᠵᠦ᠂ ᠱᠤᠸᠠᠩ ᠡᠦ ᠶᠢᠨ ᠨᠥᠬᠦᠷᠯᠡᠯ ᠢ ᠶᠠᠷᠢᠵᠤ᠂ ᠬᠤᠶᠠᠷ ᠭᠠᠵᠠᠷ ᠤᠨ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠂ ᠶᠣᠣ ᠵᠧ ᠵᠠᠩᠵᠤᠨ ᠲᠠᠢ ᠬᠤᠪᠢ ᠪᠠᠷᠢᠯᠳᠤᠯᠭ᠎ᠠ ᠲᠠᠢ ᠪᠣᠯᠤᠭᠰᠠᠨ ᠠᠴᠠ ᠬᠤᠪᠢᠰᠬᠠᠯ ᠤᠨ ᠰᠣᠶᠣᠯ ᠢᠶᠠᠷ ᠵᠠᠩᠭᠢᠯᠠᠭ᠎ᠠ ᠪᠣᠯᠭᠠᠵᠤ᠂ ᠱᠤᠸᠠᠩ ᠴᠢᠩ ᠲᠣᠭᠤᠷᠢᠭ᠂ ᠦᠴᠦᠸᠠᠨ ᠰᠢᠶᠠᠨ ᠬᠤᠶᠠᠷ ᠭᠠᠵᠠᠷ ︽ᠬᠤᠣᠰ ᠪᠠᠷᠢᠯᠳᠤᠯᠭ᠎ᠠ︾ ᠪᠣᠯᠵᠤ᠂ ᠰᠣᠶᠣᠯ ᠵᠤᠭᠠᠴᠠᠯ ᠤᠨ ᠬᠤᠯᠪᠤᠭᠠᠯᠠᠨ ᠬᠥᠳᠡᠯᠦᠯᠴᠡᠬᠦ ᠬᠥᠭᠦᠷᠭᠡ ᠪᠣᠰᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠢᠨ᠎ᠡ ᠵᠢᠷᠤᠭ ᠲᠥᠰᠥᠪ ᠢ ᠬᠠᠮᠲᠤᠪᠠᠷ ᠵᠢᠷᠤᠭᠯᠠᠪᠠ᠃      ᠱᠤᠤᠶᠠᠩ ᠬᠤᠳᠠ ᠶᠢᠨ ᠱᠤᠸᠠᠩ ᠴᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠢᠶᠠᠩ ᠱᠥ᠋ ᠬᠤᠸᠠ᠂ ᠱᠤᠤᠶᠠᠩ ᠬᠤᠳᠠ ᠶᠢᠨ ᠱᠤᠸᠠᠩ ᠴᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠤᠸᠠᠢ ᠴᠤᠸᠠᠩ ᠶᠧ᠂ ᠶᠣᠣ ᠵᠧ ᠵᠠᠩᠵᠤᠨ ᠤ ᠬᠤᠶᠢᠴᠢᠰ ᠶᠣᠣ ᠫᠤᠤ ᠵᠢᠶᠠᠨ ᠵᠢᠴᠢ ᠮᠠᠨ ᠤ ᠰᠢᠶᠠᠨ ᠤ ᠤᠳᠤᠷᠢᠳᠤᠯᠭ᠎ᠠ ᠸᠠᠩ ᠳ᠋ᠦᠩ ᠨᠤᠸᠠᠨ᠂ ᠼᠦᠢ ᠵᠧᠨ ᠬᠤᠸᠠ ᠠᠵᠢᠯᠯᠠᠭ᠎ᠠ ᠳᠤ ᠣᠷᠣᠯᠴᠠᠪᠠ᠃
     ᠬᠤᠪᠢᠰᠬᠠᠯ ᠤᠨ ᠰᠣᠶᠣᠯ ᠢ ᠳᠤᠷᠠᠰᠤᠨ ᠰᠠᠨᠠᠭᠠᠯᠵᠠᠵᠤ᠂ ᠰᠣᠶᠣᠯ ᠤᠨ ᠵᠤᠭᠠᠴᠠᠯ ᠤᠨ ᠭᠤᠸ᠎ᠠ ᠰᠠᠶᠢᠬᠠᠨ ᠢ ᠰᠣᠨᠢᠷᠬᠠᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ︽ᠱᠤᠸᠠᠩ ᠦ᠋ ᠬᠤᠶᠠᠷ ᠭᠠᠵᠠᠷ ᠤᠨ ᠵᠠᠩᠵᠤᠨ ᠤ ᠨᠥᠬᠦᠷᠯᠡᠯ ᠨᠠᠮᠤᠷ ᠤᠨ ᠰᠠᠷᠠᠨ ᠤᠮᠠᠷᠠᠲᠤ ᠬᠢᠯᠢ ᠶᠢᠨ ᠬᠢᠨ ᠰᠡᠳᠬᠢᠯ ᠵᠢᠷᠦᠬᠡ ᠶᠢ ᠬᠤᠯᠪᠣᠬᠤ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠬᠤᠣᠰ ᠪᠠᠷᠢᠯᠳᠤᠯᠭ᠎ᠠ︾ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠱᠤᠸᠠᠩ ᠴᠢᠩ ᠲᠣᠭᠤᠷᠢᠭ ᠪᠣᠯᠣᠨ ᠦᠴᠦᠸᠠᠨ ᠰᠢᠶᠠᠨ ᠤ ᠰᠣᠶᠣᠯ ᠵᠤᠭᠠᠴᠠᠯ ᠤᠨ ᠤᠬᠠᠭᠤᠯᠭ᠎ᠠ ᠶᠢᠨ ᠹᠢᠯᠢᠮ ᠢ ᠬᠠᠮᠲᠤ ᠪᠠᠷ ᠦᠵᠡᠵᠦ᠂ ᠲᠡᠷᠡᠴᠢᠯᠡᠨ ᠲᠤᠰ ᠲᠤᠰ ᠤᠨ ᠢᠶᠠᠨ ᠰᠣᠶᠣᠯ ᠵᠤᠭᠠᠴᠠᠯ ᠤᠨ ᠡᠬᠢ ᠪᠠᠶᠠᠯᠢᠭ᠂ ᠰᠢᠨ᠎ᠡ ᠴᠠᠭ ᠦᠶ᠎ᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠤᠳᠤᠯᠤᠨ ᠰᠤᠷᠤᠯᠴᠠᠬᠤ ᠱᠤᠭᠤᠮ ᠢ ᠪᠠᠲᠤᠳᠬᠠᠬᠤ ᠲᠠᠯ᠎ᠠ ᠪᠠᠷ ᠲᠠᠨᠢᠯᠴᠠᠭᠤᠯᠭ᠎ᠠ ᠰᠣᠯᠢᠯᠴᠠᠭ᠎ᠠ ᠬᠢᠵᠦ᠂ ᠳᠠᠷᠠᠭ᠎ᠠ ᠨᠢ᠂ ᠬᠤᠶᠠᠷ ᠲᠠᠯ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠬᠠᠮᠲᠤᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠣᠷᠣᠨ ᠪᠦᠰᠡ ᠠᠯᠤᠰᠯᠠᠭᠰᠠᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠰᠣᠶᠣᠯ ᠵᠤᠭᠠᠴᠠᠯ ᠤᠨ ᠲᠣᠪᠴᠢᠶ᠎ᠠ ᠬᠠᠮᠲᠤᠪᠠᠷ ᠰᠢᠨ᠎ᠡ ᠴᠠᠭ ᠦᠶ᠎ᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ ᠰᠤᠳᠤᠯᠤᠨ ᠰᠤᠷᠤᠯᠴᠠᠬᠤ ᠪᠠ ᠵᠤᠭᠠᠴᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ︽ᠱᠤᠸᠠᠩ ᠴᠢᠩ ᠲᠣᠭᠤᠷᠢᠭ ︱ ᠦᠴᠦᠸᠠᠨ ᠰᠢᠶᠠᠨ ᠤ ᠵᠤᠭᠠᠴᠠᠯ ᠤᠨ ᠠᠵᠢᠯ ᠲᠦᠷᠦᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠲᠣᠭᠲᠠᠵᠠᠢ᠃      ᠬᠤᠶᠠᠷ ᠲᠠᠯ᠎ᠠ ᠶᠢᠨ ᠲᠠᠨᠢᠯᠴᠠᠭᠤᠯᠭ᠎ᠠ ᠰᠣᠯᠢᠯᠴᠠᠭ᠎ᠠ ᠪᠠᠷ ᠳᠡᠮᠵᠢᠨ᠂ ᠣᠯᠠᠨ ᠢᠶᠠᠷ ᠢᠶᠠᠨ ᠲᠤᠰ ᠤᠳᠠᠭᠠᠨ ᠤ ᠭᠤᠣᠯ ᠰᠡᠳᠦᠪᠲᠦ ᠠᠵᠢᠯᠯᠠᠭ᠎ᠠ ᠪᠠᠷ ᠰᠢᠨ᠎ᠡ ᠭᠠᠷᠤᠭ᠎ᠠ ᠪᠣᠯᠭᠠᠵᠤ᠂ ᠬᠤᠶᠠᠷ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠤᠨ ᠲᠣᠭᠤᠷᠢᠨ ᠳᠤ ᠰᠡᠳᠬᠢᠯ ᠢᠶᠠᠨ ᠨᠢᠭᠡᠳᠬᠡᠵᠦ᠂ ᠬᠦᠴᠦ ᠪᠠᠨ ᠨᠢᠭᠡᠳᠬᠡᠵᠦ᠂ ᠠᠵᠢᠯ ᠢᠶᠠᠨ ᠨᠢᠭᠡᠳᠬᠡᠵᠦ᠂ ᠠᠷᠭ᠎ᠠ ᠤᠬᠠᠭᠠᠨ ᠢᠶᠠᠨ ᠨᠢᠭᠡᠳᠬᠡᠵᠦ᠂ ᠬᠠᠷᠠᠯᠲᠠ ᠪᠠᠨ ᠠᠳᠠᠯᠢ ᠴᠢᠭᠯᠡᠯ ᠲᠠᠢ ᠪᠠᠶᠢᠯᠭᠠᠬᠤ᠂ ᠠᠵᠢᠯ ᠢᠶᠠᠨ ᠠᠳᠠᠯᠢ ᠠᠯᠬᠤᠮ ᠲᠠᠢ ᠪᠠᠶᠢᠯᠭᠠᠬᠤ᠂ ᠨᠠᠶᠢᠳᠠᠪᠤᠷᠢᠵᠢᠭᠤᠯᠤᠯᠲᠠ ᠪᠠᠨ ᠠᠳᠠᠯᠢ ᠬᠦᠴᠦᠨ ᠲᠠᠢ ᠪᠠᠶᠢᠯᠭᠠᠬᠤ᠂ ᠭᠠᠷ ᠬᠤᠯᠪᠣᠨ ᠡᠷᠡᠯᠬᠡᠭᠯᠡᠨ ᠤᠷᠤᠭᠰᠢᠯᠠᠬᠤ ᠶᠢ ᠪᠡᠶᠡᠯᠡᠭᠦᠯᠵᠦ᠂ ᠠᠵᠤ ᠦᠢᠯᠡᠰ ᠤᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠰᠣᠶᠣᠯ ᠵᠤᠭᠠᠴᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢᠨ ᠥᠷᠭᠡᠴᠡ ᠪᠠ ᠰᠣᠯᠢᠯᠴᠠᠭ᠎ᠠ ᠶᠢᠨ ᠭᠦᠨᠴᠡ ᠶᠢ ᠲᠠᠰᠤᠷᠠᠯᠲᠠ ᠦᠭᠡᠢ ᠥᠷᠭᠡᠳᠬᠡᠨ ᠭᠦᠨᠵᠡᠭᠡᠶᠢᠷᠡᠭᠦᠯᠵᠦ᠂ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ᠂ ᠨᠡᠩ ᠥᠨᠳᠥᠷ ᠲᠦᠪᠰᠢᠨ ᠲᠠᠢ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯᠣᠨ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠰᠠᠶᠢᠲᠤᠷ ᠪᠢᠴᠢᠭᠯᠡᠵᠦ᠂ ᠬᠤᠶᠠᠷ ᠭᠠᠵᠠᠷ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ᠂ ᠰᠢᠨ᠎ᠡ ᠬᠦᠰᠡᠯ ᠬᠥᠭᠡᠭᠡᠴᠡᠯᠳᠦᠯ ᠢ ᠨᠡᠩ ᠰᠠᠶᠢᠲᠤᠷ ᠬᠠᠩᠭᠠᠬᠤ ᠬᠡᠷᠡᠭᠲᠡᠢ᠃      ᠲᠤᠰ ᠡᠳᠦᠷ ᠤᠨ ᠦᠳᠡ ᠶᠢᠨ ᠬᠤᠶᠢᠨ᠎ᠠ᠂ ᠬᠤᠷᠠᠯ ᠳᠤ ᠣᠷᠣᠯᠴᠠᠭᠰᠠᠳ ᠦᠴᠦᠸᠠᠨ ᠰᠢᠶᠠᠨ ᠤ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠶᠢᠨ ᠰᠠᠭᠤᠷᠢᠨ ᠭᠠᠵᠠᠷ ᠤᠨ ᠵᠠᠬᠢᠷᠭᠠᠨ ᠤ ᠭᠠᠵᠠᠷ ᠤᠨ ᠬᠠᠭᠤᠴᠢᠨ ᠪᠠᠭᠤᠷᠢ ᠳᠤ ᠬᠦᠷᠴᠦ ᠬᠤᠪᠢᠰᠬᠠᠯ ᠤᠨ ᠲᠡᠦᠬᠡ ᠶᠢ ᠬᠠᠮᠲᠤ ᠪᠠᠷ ᠡᠷᠭᠢᠴᠡᠭᠦᠯᠵᠦ᠂ ᠦᠷᠡᠭᠳᠡᠭᠰᠡᠨ ᠪᠠᠭᠠᠲᠤᠷᠴᠤᠳ ᠤᠨ ᠤᠯᠠ ᠮᠥᠷ ᠢ ᠮᠥᠷᠳᠡᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠠᠶᠢᠯᠪᠤᠷᠢᠯᠠᠭᠴᠢ ᠶᠢᠨ ᠲᠠᠶᠢᠯᠤᠮᠵᠢ ᠶᠢᠨ ᠵᠢᠯᠣᠭᠤᠳᠤᠯᠭ᠎ᠠ ᠳᠣᠣᠷ᠎ᠠ᠂ ᠣᠯᠠᠨ ᠢᠶᠠᠷ ᠢᠶᠠᠨ ᠳᠡᠯᠭᠡᠨ ᠦᠵᠡᠭᠦᠯᠵᠦ ᠪᠠᠶᠢᠭ᠎ᠠ ᠪᠢᠴᠢᠭ ᠮᠠᠲ᠋ᠧᠷᠢᠶᠠᠯ᠂ ᠲᠡᠦᠬᠡ ᠶᠢᠨ ᠵᠢᠷᠤᠭ ᠪᠣᠯᠣᠨ ᠪᠣᠳᠠᠲᠤ ᠪᠣᠳᠠᠰ ᠢ ᠦᠵᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠮᠠᠭᠲᠠᠨ ᠳᠠᠭᠤᠯᠠᠭᠤᠰᠢᠲᠠᠢ ᠪᠠᠭᠠᠲᠤᠷᠯᠢᠭ ᠦᠢᠯᠡ ᠠᠵᠢᠯᠯᠠᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠨᠢᠭᠡ ᠪᠣᠯ ᠭᠦᠨ ᠪᠣᠳᠣᠯᠭᠠᠰᠢᠷᠠᠵᠤ᠂ ᠨᠢᠭᠡ ᠪᠣᠯ ᠰᠠᠨᠠᠯ ᠢᠶᠠᠨ ᠰᠣᠯᠢᠯᠴᠠᠵᠤ᠂ ᠨᠢᠭᠡ ᠨᠢᠭᠡ ᠪᠣᠳᠠᠲᠤ ᠪᠣᠳᠠᠰ᠂ ᠵᠢᠷᠤᠭ᠂ ᠦᠯᠢᠭᠡᠷ ᠤᠳ ᠨᠢ ᠲᠡᠷᠡ ᠬᠦ ᠭᠠᠶᠢᠬᠠᠮᠰᠢᠭᠲᠤ ᠣᠨ ᠰᠠᠷ᠎ᠠ ᠳᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠦᠨᠳᠦᠰᠦᠲᠡᠨ ᠤ ᠲᠤᠰᠠᠭᠠᠷ ᠲᠣᠭᠲᠠᠨᠢᠯ ᠤᠨ ᠲᠥᠯᠥᠭᠡ᠂ ᠶᠠᠫᠤᠨ ᠤ ᠴᠡᠷᠢᠭᠯᠡᠬᠦ ᠦᠵᠡᠯ ᠤᠨ ᠲᠦᠷᠢᠮᠡᠬᠡᠶᠢᠯᠡᠯ ᠢ ᠪᠠᠭᠠᠲᠤᠷᠯᠢᠭ ᠢᠶᠠᠷ ᠡᠰᠡᠷᠭᠦᠴᠡᠬᠦ ᠶᠢᠨ ᠲᠥᠯᠥᠭᠡ ᠶᠠᠪᠤᠭᠤᠯᠤᠭᠰᠠᠨ ᠲᠤᠶᠢᠯ ᠤᠨ ᠬᠠᠲᠠᠭᠤᠵᠢᠯᠲᠠᠢ ᠲᠡᠮᠡᠴᠡᠯ ᠢ ᠠᠮᠢᠳᠤᠯᠢᠭ ᠢᠶᠠᠷ ᠲᠣᠭᠠᠴᠢᠵᠤ ᠪᠠᠶᠢᠯ᠎ᠠ᠃ ᠤᠯᠠᠨ ᠢᠶᠠᠷ ᠢᠶᠠᠨ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠲᠠᠶᠢᠨ ᠤ ᠲᠡᠦᠬᠡ ᠶᠢ ᠲᠤᠬᠠᠢ ᠶᠢᠨ ᠭᠠᠵᠠᠷ ᠲᠤᠨᠢ ᠰᠣᠨᠣᠰᠬᠤ ᠪᠠᠷ ᠲᠠᠮᠵᠢᠨ᠂ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠶᠢᠨ ᠰᠠᠭᠤᠷᠢᠨ ᠭᠠᠵᠠᠷ ᠤᠨ ᠵᠠᠬᠢᠷᠭᠠᠨ ᠤ ᠭᠠᠵᠠᠷ ᠤᠨ ᠬᠠᠭᠤᠴᠢᠨ ᠪᠠᠭᠤᠷᠢ ᠶᠢᠨ ᠭᠡᠷᠡᠯ ᠰᠠᠴᠤᠷᠠᠩᠭᠤᠢ ᠥᠩᠭᠡᠷᠡᠯᠲᠡ ᠶᠢ ᠤᠯᠠᠮ ᠨᠢᠭᠡ ᠠᠯᠬᠤᠮ ᠣᠶᠢᠯᠠᠭᠠᠵᠤ᠂ ᠨᠠᠮ ᠤᠨ ᠤᠳᠤᠷᠢᠳᠤᠭᠰᠠᠨ ᠬᠤᠪᠢᠰᠬᠠᠯᠲᠤ ᠲᠡᠮᠡᠴᠡᠯ ᠤᠨ ᠬᠦᠴᠢᠷ ᠪᠡᠷᠬᠡᠰᠢᠶᠡᠯ ᠪᠠ ᠠᠭᠤᠤ ᠶᠡᠭᠡ ᠦᠢᠯᠡᠰ ᠢ ᠨᠡᠩ ᠭᠦᠨᠵᠡᠭᠡᠢ ᠣᠶᠢᠯᠠᠭᠠᠵᠤ᠂ ᠨᠢᠭᠡ ᠤᠳᠠᠭᠠᠨ ᠤ ᠭᠦᠨ ᠭᠦᠨᠵᠡᠭᠡᠢ ᠨᠠᠮᠴᠢ ᠴᠢᠨᠠᠷ ᠤᠨ ᠬᠥᠮᠦᠵᠢᠯ ᠪᠠ ᠤᠶᠤᠨ ᠰᠠᠨᠠᠭᠠᠨ ᠤ ᠤᠬᠢᠶᠠᠯ ᠭᠥᠷᠳᠡᠭᠰᠡᠨ ᠪᠠᠶᠢᠨ᠎ᠠ᠃      9 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠬᠤᠷᠠᠯ ᠳᠤ ᠣᠷᠣᠯᠴᠠᠭᠰᠠᠳ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽8 ᠳᠤ ᠣᠷᠣᠭᠤᠯᠬᠤ + N︾ ᠵᠢᠱᠢᠶ᠎ᠡ ᠦᠵᠡᠭᠦᠯᠬᠦ ᠴᠡᠭ ᠲᠤ ᠬᠦᠷᠴᠦ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠤᠳᠬᠠᠬᠤ ᠭᠤᠣᠯ ᠰᠡᠳᠦᠪᠲᠦ ᠠᠭᠤᠳᠠᠮ ᠲᠠᠯᠠᠪᠠᠶ᠂ ᠬᠥᠬᠡ ᠡᠷᠭᠢ ᠪᠠᠯᠭᠠᠰᠤᠨ ᠤ ᠰᠢᠩ ᠱᠧᠩ ᠨᠡᠶᠢᠭᠡᠮ ᠲᠣᠭᠤᠷᠢᠭ᠂ ᠦᠴᠦᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠶᠠᠨ ᠬᠥ᠋ ᠹᠠᠩ ᠪᠦᠯᠦᠭᠯᠡᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号