ᠮᠥᠩᠭᠦ ᠰᠢᠯᠵᠢᠭᠦᠯᠦᠭᠡᠳ ᠮᠡᠬᠡᠯᠡᠭᠳᠡᠵᠦ ᠪᠠᠶᠢᠨ᠎ᠠ
ᠨᠡᠶᠢᠲᠡᠯᠡᠭᠰᠡᠨ ᠴᠠᠭ᠄
2023/9/12
     ᠸᠢᠴᠠᠲ ᠢᠶᠠᠷ ᠮᠦᠩᠬᠦ ᠰᠢᠯᠵᠢᠭᠦᠯᠬᠦ ᠳᠤ ᠭᠠᠷ ᠤᠲᠠᠰᠤᠨ ᠳᠤ ᠴᠢᠨᠢ ᠡᠶᠢᠮᠦ ᠪᠠᠶᠢᠳᠠᠯ ᠢᠯᠡᠷᠡᠪᠡᠯ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠰᠦᠯᠵᠢᠶᠡᠨ ᠤ ᠮᠡᠬᠡᠯᠡᠯ ᠠᠴᠠ ᠰᠡᠷᠡᠮᠵᠢᠯᠡᠬᠦ ᠬᠡᠷᠡᠭᠲᠡᠢ᠃      ᠰᠦᠯᠵᠢᠶ᠎ᠠ ᠠᠰᠢᠬᠯᠠᠬᠴᠢ ᠰᠢᠶᠣᠣ ᠹᠠᠩ ᠪᠣᠯ ᠰᠦᠯᠵᠢᠶᠠᠨ ᠬᠤᠳᠠᠯᠳᠤᠭᠠᠨ ᠳᠤ ︽ᠰᠢᠨᠤᠯ︾ ᠲᠠᠢ ᠤᠶᠤᠳᠠᠨ ᠶᠤᠮ᠂ ᠲᠡᠷᠡ ᠡᠩ ᠤᠨ ᠴᠠᠭ ᠲᠤ ᠰᠦᠯᠵᠢᠶᠡᠨ ᠤ ᠰᠢᠭᠤᠳ ᠨᠡᠪᠲᠡᠷᠡᠭᠦᠯᠭᠡ ᠠᠴᠠ ᠪᠠᠷᠠᠭ᠎ᠠ ᠲᠠᠸᠠᠷ ᠬᠤᠳᠠᠯᠳᠤᠨ ᠠᠪᠬᠤ ᠳᠤᠷᠠᠲᠠᠢ ᠪᠠᠶᠢᠳᠠᠭ᠃ ᠨᠢᠭᠡ ᠤᠳᠠᠭ᠎ᠠ ᠰᠢᠶᠣᠣ ᠹᠠᠩ ᠤᠨ ᠦᠵᠡᠵᠦ ᠲᠣᠭᠤᠭᠰᠠᠨ ᠲᠠᠸᠠᠷ ᠨᠢ ᠳᠠᠭᠤᠰᠤᠭᠰᠠᠨ ᠪᠣᠯᠬᠤᠷ ᠲᠡᠷᠡ ᠪᠠᠷ ᠲᠤᠰ ᠨᠡᠪᠲᠡᠷᠡᠭᠦᠯᠦᠭᠴᠢ ᠶᠢᠨ ᠸᠢᠴᠠᠲ ᠤᠨ ᠬᠤᠯᠪᠣᠭᠠᠨ ᠳᠤ ᠣᠷᠣᠵᠤ᠂ ᠢᠯᠡᠭᠦᠦ ᠪᠠᠷᠠᠭ᠎ᠠ ᠪᠠᠶᠢᠬᠤ ᠡᠰᠡᠬᠦ ᠶᠢ ᠠᠰᠠᠭᠤᠭᠰᠠᠨ ᠪᠠᠶᠢᠨ᠎ᠠ᠃ ᠡᠨᠡ ᠦᠶ᠎ᠡ ᠳᠤ ᠸᠢᠴᠠᠲ ᠤᠨ ᠬᠤᠯᠪᠤᠭᠠᠨ ᠤ ︽ᠬᠠᠮᠢᠶᠠᠷᠤᠭᠴᠢ︾ ᠨᠢ ᠰᠢᠶᠣᠣ ᠹᠠᠩ ᠳᠤ ︽ᠪᠡᠯᠡᠨ ᠪᠠᠷᠠᠭ᠎ᠠ︾ ᠪᠠᠶᠢᠬᠤ ᠪᠥᠭᠡᠳ ᠬᠢᠮᠳᠠ ᠦᠨ᠎ᠡ ᠪᠠᠷ ᠬᠤᠳᠠᠯᠳᠤᠨ ᠥᠭᠴᠦ ᠪᠣᠯᠣᠨ᠎ᠠ ᠬᠡᠵᠠᠢ᠃ ᠲᠡᠭᠦᠨ ᠤ ᠬᠡᠯᠡᠭᠰᠡᠨ ᠦᠨ᠎ᠡ ᠨᠢ ︽ᠰᠢᠭᠤᠳ ᠨᠡᠪᠲᠡᠷᠡᠭᠦᠯᠭᠡ︾ ᠠᠴᠠ ᠨᠡᠩ ᠬᠢᠮᠳᠠ ᠪᠣᠯᠬᠤᠷ ᠰᠢᠶᠣᠣ ᠹᠠᠩ ᠬᠤᠳᠠᠯᠳᠤᠨ ᠠᠪᠬᠤ ᠪᠠᠷ ᠪᠤᠯᠵᠦ ᠰᠢᠭᠤᠳ ᠮᠦᠩᠬᠦ ᠪᠠᠨ ᠰᠢᠯᠵᠢᠭᠦᠯᠵᠡᠢ᠃ ᠮᠦᠩᠬᠦ ᠰᠢᠯᠵᠢᠭᠦᠯᠵᠦ ᠪᠠᠶᠢᠬᠤ ᠦᠶ᠎ᠡ ᠳᠤ ᠸᠢᠴᠠᠲ ᠤᠨ ᠠᠯᠪᠠᠨ ᠤ ᠲᠠᠪᠴᠠᠩ ᠠᠴᠠ ᠲᠠ ᠬᠥᠮᠥᠨ ᠳᠤ ᠮᠡᠬᠡᠯᠡᠭᠳᠡᠵᠦ ᠪᠠᠶᠢᠵᠦ ᠮᠡᠳᠡᠨ᠎ᠡ ᠭᠡᠰᠡᠨ ᠰᠠᠨᠠᠭᠤᠯᠤᠮᠵᠢ ᠥᠭᠭᠦᠭᠰᠡᠨ ᠪᠤᠯᠪᠠᠴᠦ ᠰᠢᠶᠣᠣ ᠹᠠᠩ ᠰᠠᠨᠠᠭᠠᠨ ᠳᠠᠭᠠᠨ ᠠᠪᠤᠭᠰᠠᠨ ᠦᠭᠡᠢ ᠰᠢᠭᠤᠳ ᠮᠥᠩᠭᠦ ᠪᠠᠨ ᠰᠢᠯᠵᠢᠭᠦᠯᠦᠭᠰᠡᠨ ᠪᠠᠶᠢᠵᠠᠢ᠃      ᠬᠡᠳᠦᠨ ᠭᠠᠷᠠᠭ ᠤᠨ ᠳᠠᠷᠠᠭ᠎ᠠ᠂ ᠰᠢᠶᠣᠣ ᠹᠠᠩ ᠤᠨ ᠠᠪᠤᠬᠰᠠᠨ ᠶᠠᠭᠤᠮ᠎ᠠ ᠨᠢ ᠢᠷᠡᠭᠰᠡᠨ ᠦᠭᠡᠢ ᠪᠥᠭᠡᠳ ᠨᠥᠭᠦᠭᠡ ᠡᠲᠡᠭᠡᠳ ᠲᠠᠢ ᠴᠦ ᠬᠤᠯᠪᠤᠬᠳᠠᠵᠦ ᠴᠢᠳᠠᠬᠤ ᠪᠠᠨ ᠪᠣᠯᠢᠵᠠᠢ᠃      ᠣᠳᠣᠬᠠᠨ ᠳᠤ᠂ ᠭᠠᠷ ᠤᠲᠠᠰᠤ ᠪᠠᠷ ᠮᠥᠩᠭᠦ ᠲᠥᠯᠥᠬᠦ ᠨᠢ ᠨᠢᠭᠡᠨᠲᠡ ᠲᠦᠭᠡᠮᠡᠯ ᠦᠵᠡᠭᠳᠡᠯ ᠪᠤᠯᠵᠦ᠂ ᠳᠠᠨᠢᠯ ᠬᠦᠮᠦᠨ ᠳᠡᠭᠡᠨ ᠮᠦᠩᠬᠦ ᠲᠥᠭᠦᠷᠢᠭ ᠰᠢᠯᠵᠢᠭᠦᠯᠬᠦ᠂ ᠴᠢᠨᠠᠭᠰᠢᠯᠠᠪᠠᠯ ᠴᠠᠯᠢᠩ ᠮᠥᠩᠭᠦ ᠲᠠᠯᠪᠢᠵᠤ ᠠᠪᠬᠤ ᠭᠤᠣᠯ ᠠᠷᠭ᠎ᠠ ᠵᠠᠮ ᠪᠣᠯᠤᠭᠰᠠᠨ ᠪᠠᠶᠢᠨ᠎ᠠ᠃ ᠰᠠᠶᠢᠨ ᠮᠠᠭᠤ ᠶᠠᠭᠤᠮ᠎ᠠ ᠨᠡᠶᠢᠯᠡᠵᠦ ᠰᠠᠪᠠ ᠳᠦᠭᠦᠷᠳᠡᠭ ᠭᠡᠳᠡᠭ ᠢᠶᠠᠷ᠂ ᠥᠷᠭᠡᠨ ᠣᠯᠠᠨ ᠰᠦᠯᠵᠢᠶ᠎ᠡ ᠠᠰᠢᠭᠯᠠᠭᠴᠢᠳ ᠮᠠᠨᠢ ᠲᠧᠭᠨᠢᠭ ᠲᠧᠭᠨᠤᠯᠤᠬᠢ ᠶᠢᠨ ᠰᠢᠨ᠎ᠡ ᠡᠷᠢᠨ ᠳᠤ ᠰᠢᠨ᠎ᠡ ᠮᠡᠷᠭᠡᠵᠢᠯ ᠢ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠳᠠᠭᠠᠨ ᠴᠢᠳᠠᠮᠠᠭᠠᠢ ᠠᠰᠢᠭᠯᠠᠬᠤ ᠶᠢᠨ ᠬᠠᠮᠲᠤ ᠰᠦᠯᠵᠢᠶᠡᠨ ᠤ ᠮᠡᠬᠡᠯᠡᠯ ᠬᠠᠮᠢᠭ᠎ᠠ ᠰᠠᠢ ᠦᠭᠡᠢ ᠣᠷᠣᠰᠢᠵᠤ ᠪᠠᠶᠢᠳᠠᠭ ᠭᠡᠰᠡᠨ ᠢ ᠪᠠᠶᠢᠩᠭᠤ ᠰᠠᠨᠠᠵᠤ ᠰᠣᠨᠣᠷ ᠰᠡᠷᠡᠮᠵᠢᠲᠡᠢ ᠶᠠᠪᠤᠭᠠᠷᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号