ᠮᠠᠨ ᠤ ᠣᠷᠣᠨ ᠤ 7 ᠬᠥᠮᠥᠨ 2023 ᠣᠨ ᠤ ᠬᠤᠶᠠᠷ ᠬᠦᠷᠢᠶᠡᠯᠡᠩ ᠤᠨ ᠠᠺᠠᠳᠧᠮᠢᠴᠢ ᠶᠢ ᠨᠡᠮᠡᠵᠦ ᠰᠣᠩᠭᠤᠬᠤ ᠳᠤ ᠬᠦᠴᠦᠨ ᠲᠠᠢ ᠵᠢᠱᠢᠭᠳᠡᠭᠴᠢ ᠪᠠᠷ ᠰᠣᠩᠭᠤᠭᠳᠠᠵᠠᠢ
ᠨᠡᠶᠢᠲᠡᠯᠡᠭᠰᠡᠨ ᠴᠠᠭ᠄
2023/9/12
     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠮᠠᠨ ᠤ ᠣᠷᠣᠨ ᠤ 1 ᠬᠥᠮᠥᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ 2023 ᠣᠨ ᠤ ᠠᠺᠠᠳᠧᠮᠢᠴᠢ ᠪᠠᠷ ᠨᠡᠮᠡᠵᠦ ᠰᠣᠩᠭᠤᠬᠤ ᠳᠤ ᠬᠦᠴᠦᠨ ᠪᠦᠬᠦᠢ ᠵᠢᠱᠢᠭᠳᠡᠭᠴᠢ ᠪᠣᠯᠵᠤ᠂ 6 ᠬᠥᠮᠥᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ 2023 ᠣᠨ ᠤ ᠠᠺᠠᠳᠧᠮᠢᠴᠢ ᠶᠢ ᠨᠡᠮᠡᠵᠦ ᠰᠣᠩᠭᠤᠬᠤ ᠳᠤ ᠬᠦᠴᠦᠨ ᠪᠦᠬᠦᠢ ᠵᠢᠱᠢᠭᠳᠡᠭᠴᠢ ᠪᠠᠷ ᠰᠣᠩᠭᠤᠭᠳᠠᠵᠠᠢ᠃ ᠡᠨᠡ ᠨᠢ ᠮᠠᠨ ᠤ ᠣᠷᠣᠨ ᠠᠴᠠ ᠠᠺᠠᠳᠧᠮᠢᠴᠢ ᠶᠢ ᠨᠡᠮᠡᠵᠦ ᠰᠣᠩᠭᠤᠬᠤ ᠳᠤ ᠬᠦᠴᠦᠨ ᠪᠦᠬᠦᠢ ᠵᠢᠱᠢᠭᠳᠡᠭᠴᠢ ᠪᠠᠷ ᠰᠣᠩᠭᠤᠭᠳᠠᠭᠰᠠᠨ ᠲᠤᠭ᠎ᠠ ᠪᠠᠷ ᠬᠠᠮᠤᠭ ᠤᠯᠠᠨ ᠨᠢᠭᠡ ᠤᠳᠠᠭ᠎ᠠ ᠪᠣᠯᠵᠤ᠂ ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠠᠴᠠ ᠲᠤᠰ ᠲᠤᠰ ᠨᠡᠶᠢᠲᠡᠯᠡᠭᠰᠡᠨ︽2023 ᠣᠨ ᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢ ᠨᠡᠮᠡᠵᠦ ᠰᠣᠩᠭᠤᠬᠤ ᠳᠤ ᠬᠦᠴᠦᠨ ᠪᠦᠬᠦᠢ ᠵᠢᠱᠢᠭᠳᠡᠭᠴᠢ ᠶᠢᠨ ᠨᠡᠷᠡᠰ ᠢ ᠨᠡᠶᠢᠲᠡᠯᠡᠬᠦ ᠲᠤᠬᠠᠢ ᠠᠯᠪᠠᠨ ᠵᠠᠷ︾᠂︽ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ 2023 ᠣᠨ ᠤ ᠠᠺᠠᠳᠧᠮᠢᠴᠢ ᠶᠢ ᠨᠡᠮᠡᠵᠦ ᠰᠣᠩᠭᠤᠬᠤ ᠳᠤ ᠬᠦᠴᠦᠨ ᠪᠦᠬᠦᠢ ᠵᠢᠱᠢᠭᠳᠡᠭᠴᠢ ᠶᠢᠨ ᠨᠡᠷᠡᠰ ᠢ ᠨᠡᠶᠢᠲᠡᠯᠡᠬᠦ ᠲᠤᠬᠠᠢ ᠠᠯᠪᠠᠨ ᠵᠠᠷ︾ ᠢ ᠦᠨᠳᠦᠰᠦᠯᠡᠪᠡᠯ᠂ ᠲᠤᠰ ᠤᠳᠠᠭ᠎ᠠ 583 ᠬᠥᠮᠥᠨ ᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢ ᠨᠡᠮᠡᠵᠦ ᠰᠣᠩᠭᠤᠬᠤ ᠳᠤ ᠬᠦᠴᠦᠨ ᠪᠦᠬᠦᠢ ᠵᠢᠱᠢᠭᠳᠡᠭᠴᠢ ᠪᠠᠷ ᠨᠤᠲᠠᠯᠠᠵᠤ᠂ 655 ᠬᠥᠮᠥᠨ ᠢ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠶᠢ ᠨᠡᠮᠡᠵᠦ ᠰᠣᠩᠭᠤᠬᠤ ᠳᠤ ᠬᠦᠴᠦᠨ ᠪᠦᠬᠦᠢ ᠵᠢᠱᠢᠭᠳᠡᠭᠴᠢ ᠪᠠᠷ ᠨᠤᠲᠠᠯᠠᠵᠠᠢ᠃ ᠡᠳᠡᠭᠡᠷ ᠵᠢᠱᠢᠭᠳᠡᠭᠰᠡᠳ ᠳᠠᠷᠠᠭᠠᠴᠢ ᠪᠠᠷ ᠠᠺᠠᠳᠧᠮᠢᠴᠢ ᠶᠢᠨ ᠰᠢᠯᠭᠠᠷᠠᠭᠤᠯᠤᠯᠲᠠ ᠳᠤ ᠣᠷᠤᠯᠴᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号