ᠣᠯᠠᠨ ᠵᠦᠢᠯ ᠤᠨ ᠰᠢᠨ᠎ᠡ ᠮᠡᠷᠭᠡᠵᠢᠯ ᠤᠨ ᠬᠡᠷᠡᠭᠯᠡᠯᠲᠡ 2023 ᠣᠨ ᠤ ᠰᠦᠯᠵᠢᠶᠡᠨ ᠤ ᠠᠮᠤᠷ ᠲᠦᠪᠰᠢᠨ ᠤ ᠦᠵᠡᠰᠭᠦᠯᠡᠩ ᠤᠨ ᠴᠤᠭᠯᠠᠭᠠᠨ ᠳᠤ ᠢᠯᠡᠷᠡᠪᠡ
ᠨᠡᠶᠢᠲᠡᠯᠡᠭᠰᠡᠨ ᠴᠠᠭ᠄
2023/9/12
     ᠲᠥᠪ ᠤᠨ ᠰᠦᠯᠵᠢᠶᠡᠨ ᠤ ᠠᠮᠤᠷ ᠲᠦᠪᠰᠢᠨ ᠪᠠ  ᠮᠡᠳᠡᠭᠡ ᠵᠠᠩᠭᠢᠵᠢᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠹᠦᠵᠢᠶᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠠᠴᠠ ᠵᠢᠯᠤᠭᠤᠳᠴᠤ᠂ ᠹᠦᠵᠢᠶᠠᠨ ᠮᠤᠵᠢ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠨᠬᠭᠢᠵᠢᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠹᠦᠵᠧᠦ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ᠂ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠰᠦᠯᠵᠢᠶᠡᠨ ᠤ ᠠᠮᠤᠷ ᠲᠦᠪᠰᠢᠨ ᠤ ᠦᠵᠡᠰᠭᠦᠯᠡᠩ ᠤᠨ ᠴᠤᠭᠯᠠᠭᠠᠨ 10 ᠤ ᠡᠳᠦᠷ ᠹᠦᠵᠢᠶᠠᠨ ᠮᠤᠵᠢ ᠶᠢᠨ ᠹᠦᠵᠧᠦ ᠬᠤᠲᠠ ᠳᠤ ᠶᠠᠪᠤᠭᠳᠠᠵᠤ᠂ ᠣᠯᠠᠨ ᠵᠦᠢᠯ ᠤᠨ ᠵᠣᠬᠢᠶᠠᠮᠠᠯ ᠣᠶᠤᠨ ᠴᠢᠳᠠᠪᠤᠷᠢ ᠶᠢᠨ ᠲᠣᠮᠣ ᠵᠠᠭᠪᠤᠷ ᠤᠨ ᠦᠢᠯᠡᠳᠬᠦᠨ᠂ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠤᠨ ᠰᠦᠯᠵᠢᠶᠡᠨ ᠤ ᠠᠮᠤᠷ ᠲᠦᠪᠰᠢᠨ ᠤ ᠬᠦᠷᠢᠶᠡᠨ ᠳᠠᠬᠢ ᠰᠢᠨ᠎ᠡ ᠬᠡᠷᠡᠭᠯᠡᠯᠲᠡ ᠶᠢ ᠠᠬᠤᠢ ᠲᠠᠯᠠᠪᠠᠶ ᠳᠤ ᠳᠡᠯᠭᠡᠨ ᠦᠵᠡᠭᠦᠯᠪᠡ᠃      ᠡᠨᠡ ᠵᠢᠯ ᠤᠨ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ  ᠶᠢᠨ ᠴᠢᠬᠤᠯᠠ ᠠᠭᠤᠯᠭ᠎ᠠ ᠶᠢᠨ ᠨᠢᠭᠡ ᠪᠣᠯᠤᠭᠰᠠᠨ ᠤ ᠬᠤᠪᠢ ᠳᠤ᠂ ᠰᠦᠯᠵᠢᠶᠡᠨ ᠤ ᠠᠮᠤᠷ ᠲᠦᠪᠰᠢᠨ ᠤ ᠦᠵᠡᠰᠭᠦᠯᠡᠩ ᠤᠨ ᠲᠠᠯᠠᠪᠠᠢ ᠪᠠᠷᠤᠭ 2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠬᠠᠮᠠᠭᠠᠯᠠᠯᠲᠠ᠂ ᠳ᠋ᠠᠶᠢᠲ᠋ᠠ ᠶᠢᠨ ᠠᠮᠤᠷ ᠲᠦᠪᠰᠢᠨ᠂ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ᠂ ᠰᠦᠯᠵᠢᠶᠡᠨ ᠤ ᠠᠮᠤᠷ ᠲᠦᠪᠰᠢᠨ ᠤ ᠦᠢᠯᠡᠳᠬᠦᠨ ᠪᠣᠯᠣᠨ ᠦᠢᠯᠡᠴᠢᠯᠡᠭᠡ ᠵᠡᠷᠭᠡ ᠦᠵᠡᠰᠭᠦᠯᠡᠩ ᠤᠨ ᠲᠣᠭᠤᠷᠢᠭ ᠵᠢᠴᠢ ᠹᠦᠵᠢᠶᠠᠨ ᠤ ᠰᠦᠯᠵᠢᠶᠡᠨ ᠤ ᠠᠮᠤᠷ ᠲᠦᠪᠰᠢᠨ ᠤ ᠠᠵᠤ ᠠᠬᠤᠶᠢᠯᠠᠯ ᠤᠨ ᠣᠨᠴᠠᠭᠠᠢ ᠦᠵᠡᠰᠭᠦᠯᠡᠩ ᠤᠨ ᠲᠣᠭᠤᠷᠢᠭ ᠢ ᠲᠣᠬᠢᠷᠠᠭᠤᠯᠵᠤ᠂ ᠪᠦᠭᠦ ᠤᠯᠤᠰ ᠤᠨ 70 ᠭᠠᠷᠤᠢ ᠨᠢᠭᠡᠴᠢ᠂ ᠠᠵᠤ ᠠᠬᠤᠶᠢᠯᠠᠯ ᠦᠵᠡᠰᠭᠦᠯᠡᠩ ᠳᠤ ᠣᠷᠣᠯᠴᠠᠪᠠ᠃      ᠰᠤᠷᠪᠤᠯᠵᠢᠯᠠᠬᠴᠢ ᠹᠦᠵᠢᠶᠠᠨ ᠤ ᠰᠦᠯᠵᠢᠶᠡᠨ ᠤ ᠠᠮᠤᠷ ᠲᠦᠪᠰᠢᠨ ᠤ ᠠᠵᠤ ᠠᠬᠤᠶᠢᠯᠠᠯ ᠤᠨ ᠣᠨᠴᠠᠭᠠᠢ ᠦᠵᠡᠰᠭᠦᠯᠡᠩ ᠤᠨ ᠲᠣᠭᠤᠷᠢᠭ ᠲᠤ ᠮᠠᠰᠢ ᠣᠯᠠᠨ ᠠᠵᠤ ᠠᠬᠤᠶᠢᠯᠠᠯ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠤᠨ ᠬᠡᠷᠡᠭᠯᠡᠭᠡᠨ ᠤ ᠬᠦᠷᠢᠶᠡᠨ ᠳᠤ ᠲᠣᠰ ᠲᠣᠰ ᠤᠨ ᠳᠠᠪᠠᠭᠤᠯᠢᠭ ᠲᠠᠯ᠎ᠠ ᠲᠠᠢ ᠪᠠᠶᠢᠬᠤ ᠶᠢ ᠣᠯᠵᠤ ᠬᠠᠷᠠᠪᠠ ᠄ ᠪᠧᠢ ᠺᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠨᠢ︽ᠨᠢᠭᠤᠴᠠ ᠲᠡᠮᠳᠡᠭ ᠤᠭᠰᠠᠷᠠᠭᠰᠠᠨ ᠴᠢᠮᠡᠭᠡ ᠬᠤᠯᠪᠣᠭᠠᠨ ᠤ ᠰᠤᠮᠤ ᠨᠡᠪᠲᠡᠷᠡᠬᠦ ᠦᠭᠡᠢ ᠲᠡᠷᠭᠡ︾ ᠶᠢ ᠡᠭᠦᠳᠬᠦ ᠪᠠᠷ ᠴᠢᠷᠮᠠᠶᠢᠵᠤ ᠪᠠᠶᠢᠨ᠎ᠠ; ᠮᠧᠶ ᠶᠠ ᠪᠦᠸᠧ ᠺᠧ ᠺᠤᠮᠫᠠᠨᠢ ᠨᠢ ᠰᠦᠷᠳᠡᠭᠦᠯᠦᠯ ᠢ ᠪᠠᠶᠢᠴᠠᠭᠠᠨ ᠬᠡᠮᠵᠢᠬᠦ ᠤᠯᠠᠨ ᠭᠦᠳᠡᠯᠭᠡᠭᠦᠷᠳᠦ ᠲᠠᠪᠴᠠᠩ ︽ᠤᠳᠤᠨ ᠪᠠᠮᠪᠠᠢ︾   ᠶᠢ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠪᠡ︔ ᠵᠦᠩ ᠰᠢᠨ ᠰᠦᠯᠵᠢᠶᠡᠨ ᠤ ᠠᠮᠤᠷ ᠲᠦᠪᠰᠢᠨ ᠤ ᠺᠤᠮᠫᠠᠨᠢ  ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠬᠤ ᠳᠤ ᠠᠩᠬᠠᠷᠤᠯ ᠲᠠᠯᠪᠢᠵᠤ ᠪᠠᠶᠢᠨ᠎ᠠ︔ ᠤᠯᠤᠰ ᠤᠨ ᠴᠠᠭᠢᠯᠭᠠᠨ ᠲᠣᠣᠷ ᠤᠨ ᠹᠦᠵᠢᠶᠠᠨ ᠤ ᠴᠠᠭᠢᠯᠭᠠᠨ ᠬᠦᠴᠦᠨ ᠤ ᠪᠦᠯᠦᠭᠯᠡᠯ  ᠴᠠᠭᠢᠯᠭᠠᠨ ᠬᠦᠴᠦᠨ ᠤ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢ ᠪᠠᠲᠤᠯᠠᠵᠤ ᠪᠠᠶᠢᠨ᠎ᠠ︔ ᠰᠢᠶᠠᠮᠧᠨ ᠤ ᠤᠯᠠᠨ ᠤᠯᠤᠰ ᠤᠨ ᠪᠠᠩᠬᠢ ᠨᠢ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠮᠠᠭᠠᠯᠠᠵᠤ ᠪᠠᠶᠢᠨ᠎ᠠ᠃      ᠡᠭᠦᠨ ᠠᠴᠠ ᠭᠠᠳᠠᠨ᠎ᠠ᠂ ᠦᠵᠡᠰᠭᠦᠯᠡᠩ ᠳᠤ ᠪᠠᠰᠠ ᠥᠩᠭᠡᠷᠡᠭᠰᠡᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠷᠭᠢᠴᠡᠭᠦᠯᠦᠯ ᠤᠨ ᠦᠵᠡᠰᠭᠦᠯᠡᠩ ᠤᠨ ᠲᠣᠭᠤᠷᠢᠭ ᠭᠠᠷᠭᠠᠵᠤ᠂ 2014 ᠣᠨ ᠠᠴᠠ ᠨᠠᠭᠠᠰᠢᠬᠢ ᠪᠦᠭᠦ ᠤᠯᠤᠰ ᠤᠨ ᠡᠯ᠎ᠡ ᠭᠠᠵᠠᠷ ᠤᠨ ᠰᠦᠯᠵᠢᠶᠡᠨ ᠤ ᠠᠮᠤᠷ ᠲᠦᠪᠰᠢᠨ ᠤ ᠭᠠᠷᠠᠭ ᠤᠨ ᠠᠵᠢᠯᠯᠠᠭ᠎ᠠ ᠪᠠᠷ ᠠᠴᠢᠶᠠᠯᠠᠪᠤᠷᠢ ᠪᠤᠯᠭᠠᠵᠤ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠭᠰᠡᠨ ᠠᠮᠢᠳᠤᠯᠢᠭ ᠦᠢᠯᠡᠳᠦᠯᠭᠡ ᠶᠢ ᠲᠥᠪᠯᠡᠷᠡᠭᠦᠯᠦᠨ ᠳᠡᠯᠭᠡᠨ ᠦᠵᠡᠭᠦᠯᠵᠡᠢ᠃ ᠡᠭᠦᠨ ᠤ ᠬᠠᠮᠲᠤ᠂ ᠰᠦᠯᠵᠢᠶᠡᠨ ᠤ ᠠᠮᠤᠷ ᠲᠦᠪᠰᠢᠨ ᠤ ᠲᠣᠮᠣ ᠬᠢᠴᠢᠶᠡᠯ ᠤᠨ ᠲᠠᠩᠬᠢᠮ ᠵᠡᠷᠭᠡ ᠬᠠᠷᠢᠯᠴᠠᠨ ᠬᠥᠳᠡᠯᠦᠯᠴᠡᠬᠦ ᠣᠷᠣᠨ ᠪᠦᠰᠡ ᠶᠢ ᠨᠡᠭᠡᠭᠡᠵᠦ᠂ ᠪᠦᠭᠦ ᠦᠵᠡᠰᠭᠦᠯᠡᠩ ᠤᠨ ᠲᠣᠭᠤᠷᠢᠭ ᠲᠤ ᠬᠠᠷᠢᠯᠴᠠᠨ ᠬᠥᠳᠡᠯᠦᠯᠴᠡᠵᠦ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠵᠦ᠂ ᠬᠤᠲᠠ ᠶᠢᠨ ᠠᠷᠠᠳ ᠤᠨ ᠬᠦᠷᠦᠯᠴᠡᠨ ᠢᠷᠡᠵᠦ ᠲᠣᠭᠤᠷᠢᠨ ᠦᠵᠡᠵᠦ ᠪᠠᠶᠠᠳᠠᠨ ᠣᠶᠢᠯᠠᠭᠠᠬᠤ ᠤᠷᠮ᠎ᠠ ᠶᠢ ᠬᠥᠭᠵᠢᠭᠡᠵᠦ᠂ ᠮᠡᠳᠡᠯᠭᠡ ᠶᠢᠨ ᠴᠢᠨᠠᠷᠲᠠᠢ ᠪᠠ ᠰᠣᠨᠢᠷᠬᠠᠯᠳᠤ ᠴᠢᠨᠠᠷᠲᠠᠢ ᠬᠠᠷᠢᠯᠴᠠᠨ ᠬᠥᠳᠡᠯᠦᠯᠴᠡᠬᠦ ᠠᠵᠢᠯᠯᠠᠭ᠎ᠠ ᠳᠤᠮᠳᠠ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠨ ᠬᠠᠮᠠᠭᠠᠯᠠᠬᠤ ᠮᠡᠷᠭᠡᠵᠢᠯ ᠴᠢᠳᠠᠪᠤᠷᠢ ᠶᠢ ᠨᠡᠮᠡᠭᠳᠡᠭᠦᠯᠪᠡ᠃      ᠣᠶᠢᠯᠠᠭᠠᠭᠰᠠᠨ ᠢᠶᠠᠷ᠂ ᠰᠦᠯᠵᠢᠶᠡᠨ ᠤ ᠠᠮᠤᠷ ᠲᠦᠪᠰᠢᠨ ᠤ ᠦᠵᠡᠰᠭᠦᠯᠡᠩ ᠤᠨ ᠴᠤᠭᠯᠠᠭᠠᠨ ᠨᠢ 9 ᠰᠠᠷ᠎ᠠ ᠶᠢᠨ 16 ᠤ ᠡᠳᠦᠷ ᠪᠤᠯᠲᠠᠯ᠎ᠠ ᠶᠠᠪᠤᠭᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号