ᠳ᠋ᠧ ᠱᠧᠩ ᠭᠧᠦ ᠰᠢᠶᠠᠩ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/13
     9 ᠰᠠᠷ᠎ᠠ ᠶᠢᠨ 11  ᠤ ᠣᠷᠣᠢ᠂ ᠳ᠋ᠧ ᠱᠧᠩ ᠭᠧᠦ ᠰᠢᠶᠠᠩ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠦᠴᠦᠸᠠᠨ ᠰᠢᠶᠠᠨ ᠤ ᠬᠠᠮᠢᠶ᠎ᠠ ᠪᠦᠬᠦᠢ ᠨᠢᠭᠡᠴᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ 2024 ᠣᠨ ᠤ ᠲᠦᠷᠦᠯ ᠵᠦᠢᠯ ᠤᠨ ᠲᠥᠯᠥᠪᠯᠡᠭᠡ ᠵᠢᠴᠢ ᠣᠳᠣᠬᠠᠨ ᠳᠤ ᠶᠠᠭ ᠶᠠᠪᠤᠭᠳᠠᠵᠤ ᠪᠠᠶᠢᠭ᠎ᠠ ᠲᠦᠷᠦᠯ ᠵᠦᠢᠯ ᠤᠨ ᠲᠤᠬᠠᠢ ᠨᠠᠷᠢᠨ ᠣᠶᠢᠯᠠᠭᠠᠪᠠ᠃
     ᠬᠤᠷᠠᠯ ᠠᠴᠠ᠂ ᠣᠳᠣᠬᠢ ᠱᠠᠲᠤᠨ ᠳ᠋ᠧ ᠱᠧᠩ ᠭᠧᠦ ᠰᠢᠶᠠᠩ ᠤᠨ ᠡᠯ᠎ᠡ ᠲᠠᠯ᠎ᠠ ᠶᠢᠨ ᠳᠠᠪᠠᠭᠤᠯᠢᠭ ᠡᠬᠢ ᠪᠠᠶᠠᠯᠢᠭ ᠢ ᠭᠦᠢᠴᠡᠳ ᠪᠠᠳᠠᠷᠠᠭᠤᠯᠵᠤ᠂ 2023 ᠣᠨ ᠤ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠡᠭᠦᠨ ᠤ ᠵᠡᠷᠭᠡᠴᠡᠭᠡᠪᠡᠷ ᠣᠳᠣᠬᠠᠨ ᠳᠤ ᠶᠠᠭ ᠶᠠᠪᠤᠭᠳᠠᠵᠤ ᠪᠠᠶᠢᠭ᠎ᠠ ᠲᠥᠷᠥᠯ ᠵᠦᠢᠯ ᠢ ᠪᠦᠬᠦ ᠲᠠᠯ᠎ᠠ ᠪᠠᠷ ᠣᠶᠢᠯᠠᠭᠠᠵᠤ᠂ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠳᠤ ᠴᠢᠭᠯᠡᠭᠦᠯᠦᠨ᠂ ᠠᠯᠢ ᠤᠯᠠᠨ ᠠᠷᠭ᠎ᠠ ᠬᠡᠮᠵᠢᠶ᠎ᠡ ᠠᠪᠴᠤ ᠲᠡᠭᠦᠨ ᠤ ᠪᠦᠲᠦᠮᠵᠢᠲᠡᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠬᠤᠶᠢᠰᠢᠳᠠ ᠶᠢᠨ ᠠᠵᠢᠯ ᠤᠨ ᠳᠤᠮᠳᠠ ᠲᠦᠷᠦᠯ ᠵᠦᠢᠯ ᠢ ᠬᠥᠮᠥᠷᠭᠡ ᠳᠤ ᠣᠷᠣᠭᠤᠯᠬᠤ ᠪᠠ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠬᠤᠭᠤᠷᠣᠨᠳᠤ ᠪᠠᠨ ᠵᠣᠬᠢᠴᠠᠭᠤᠯᠬᠤ ᠪᠠ ᠨᠡᠪᠲᠡᠷᠡᠯᠴᠡᠬᠦ ᠪᠠᠨ ᠴᠢᠩᠭᠠᠳᠬᠠᠵᠤ᠂ ᠲᠥᠷᠥᠯ ᠵᠦᠢᠯ ᠤᠨ ᠲᠥᠯᠥᠪᠯᠡᠭᠡ ᠶᠢ ᠴᠠᠭ ᠲᠤᠬᠠᠢ ᠳᠤᠨᠢ ᠬᠢᠨᠠᠨ ᠵᠥᠪᠰᠢᠶᠡᠷᠡᠬᠦ ᠶᠢᠨ ᠬᠠᠮᠲᠤ ᠠᠯᠢ ᠲᠦᠷᠭᠡᠨ ᠢᠶᠠᠷ ᠬᠥᠮᠥᠷᠭᠡ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠵᠡᠷᠭᠡᠴᠡᠭᠡᠪᠡᠷ ᠲᠦᠷᠦᠯ ᠵᠦᠢᠯ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠲᠥᠯᠥᠪᠯᠡᠭᠡ ᠶᠣᠰᠣᠭᠠᠷ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠬᠠᠮᠲᠤ ᠮᠥᠨ ᠴᠢᠨᠠᠷ ᠤᠨ ᠦᠷ᠎ᠡ ᠪᠦᠲᠦᠭᠡᠯ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠳᠠᠷᠠᠭᠠᠴᠢ ᠶᠢᠨ ᠠᠯᠬᠤᠮ ᠳᠤ᠂ ᠳ᠋ᠧ ᠱᠧᠩ ᠭᠧᠦ ᠰᠢᠶᠠᠩ ᠤᠨ ᠬᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠨᠢᠭᠲᠠ ᠠᠩᠬᠠᠷᠬᠤ ᠶᠢᠨ ᠬᠠᠮᠲᠤ ᠭᠠᠷᠴᠤ ᠮᠡᠳᠡᠬᠦ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ ᠡᠯ᠎ᠡ ᠰᠠᠯᠠᠭ᠎ᠠ ᠮᠥᠴᠢᠷ ᠲᠠᠢ ᠬᠠᠷᠢᠯᠴᠠᠨ ᠬᠠᠮᠵᠢᠯᠴᠠᠵᠤ᠂ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠴᠢᠷᠮᠠᠶᠢᠨ ᠠᠬᠢᠭᠤᠯᠵᠤ᠂ ᠲᠥᠷᠥᠯ ᠵᠦᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠠᠩᠬᠠᠷᠬᠤ ᠶᠢᠨ ᠬᠠᠮᠲᠤ ᠬᠡᠷᠡᠭᠴᠡᠭᠡ ᠶᠢ ᠦᠨᠳᠦᠰᠦᠯᠡᠨ ᠲᠣᠬᠢᠷᠠᠭᠤᠯᠤᠨ ᠰᠠᠶᠢᠵᠢᠷᠠᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠪᠠᠨ ᠦᠵᠡᠭᠦᠯᠦᠨ᠎ᠡ᠃          ᠢᠷᠡᠯᠲᠡ᠄ ᠳ᠋ᠧ ᠱᠧᠩ ᠭᠧᠦ ᠰᠢᠶᠠᠩ ᠤᠨ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号