26 ᠳ᠋ᠤᠭᠠᠷ ᠬᠤᠭᠤᠴᠠᠭᠠᠨ ᠤ ᠪᠦᠭᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ | ᠭᠠᠷᠠᠭ ᠤᠨ ᠠᠵᠢᠯᠯᠠᠭ᠎ᠠ 2023 ᠣᠨ ᠤ 9 ᠰᠠᠷ᠎ᠠ ᠶᠢᠨ 11 ᠤ ᠡᠳᠦᠷ ᠠᠴᠠ 17 ᠤ ᠡᠳᠦᠷ ᠪᠤᠯᠲᠠᠯ᠎ᠠ | ᠶᠠᠪᠤᠭᠳᠠᠨ᠎ᠠ᠃ 9 ᠰᠠᠷ᠎ᠠ ᠶᠢᠨ 11 ᠤ ᠦᠳᠡ ᠶᠢᠨ ᠡᠮᠦᠨ᠎ᠡ᠂ ᠳᠤᠰ ᠠᠵᠢᠯᠯᠠᠭ᠎ᠠ ᠶᠢᠨ ᠮᠠᠨ ᠤ ᠣᠷᠣᠨ ᠳᠠᠬᠢ | ᠭᠤᠣᠯᠳᠠᠯᠭ᠎ᠠ ᠲᠠᠢ ᠤᠬᠠᠭᠤᠯᠭ᠎ᠠ ᠪᠤᠭᠤᠲᠤ ᠬᠤᠲᠠ ᠳᠤ ᠶᠠᠪᠤᠭᠳᠠᠪᠠ᠃ | ᠲᠤᠰ ᠠᠵᠢᠯᠯᠠᠭ᠎ᠠ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ | ᠤᠬᠠᠭᠤᠯᠭ᠎ᠠ ᠶᠢᠨ ᠹᠢᠯᠢᠮ ᠢ ᠰᠣᠨᠢᠷᠬᠠᠭᠤᠯᠵᠤ᠂ ᠪᠤᠭᠤᠲᠤ ᠬᠤᠲᠠ ᠶᠢᠨ ᠡᠯ᠎ᠡ ᠱᠠᠲᠤᠨ ᠤ ᠰᠤᠷᠭᠠᠭᠤᠯᠢ ᠶᠢᠨ ᠪᠠᠭᠰᠢ | ᠰᠤᠷᠤᠬᠴᠢᠳ ᠤᠨ ᠲᠥᠯᠥᠭᠡᠯᠡᠭᠴᠢ ᠤᠷᠠᠨ ᠪᠢᠴᠢᠯᠭᠡ᠂ ᠬᠠᠮᠲᠤ ᠶᠢᠨ ᠤᠷᠠᠨ ᠤᠩᠰᠢᠯᠭ᠎ᠠ᠂ ᠬᠢᠴᠢᠶᠡᠯ ᠤᠨ ᠳᠡᠪᠲᠡᠷ ᠤᠨ | ᠵᠦᠴᠦᠭᠡ ᠶᠢᠨ ᠲᠣᠬᠯᠠᠯᠲᠠ ᠵᠡᠷᠭᠡ ᠶᠢ ᠶᠠᠪᠤᠭᠳᠠᠭᠤᠯᠵᠠᠢ᠃ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠵᠢᠯᠲᠠᠨ᠂ ᠦᠨᠳᠦᠰᠦᠨ ᠱᠠᠲᠤᠨ ᠤ ᠰᠢᠶᠠᠩ ᠪᠠᠯᠭᠠᠰᠤᠨ ᠤ | ᠺᠠᠳ᠋ᠷ ᠤᠨ ᠲᠥᠯᠥᠭᠡᠯᠡᠭᠴᠢᠳ ᠨᠡᠶᠢᠲᠡᠯᠢᠭ ᠬᠡᠯᠡ ᠶᠢ ᠰᠤᠷᠤᠯᠴᠠᠨ ᠲᠦᠭᠡᠮᠡᠯᠵᠢᠭᠦᠯᠦᠭᠰᠡᠨ ᠥᠩᠭᠡᠷᠡᠯᠲᠡ ᠪᠠᠨ | ᠬᠤᠪᠢᠶᠠᠯᠴᠠᠪᠠ᠃ ᠳᠤᠰ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠭᠤᠣᠯ ᠰᠢᠵᠢᠮ ᠢ ᠠᠳᠬᠤᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠨᠡᠶᠢᠲᠡᠯᠢᠭ ᠬᠡᠯᠡᠨ ᠤ ᠬᠢᠷᠢ ᠲᠦᠪᠰᠢᠨ ᠤ ᠰᠢᠯᠭᠠᠯᠲᠠ ᠶᠢᠨ | ᠬᠤᠯᠪᠣᠭᠳᠠᠯ ᠪᠦᠬᠦᠢ ᠲᠣᠭᠲᠠᠭᠠᠯ ᠵᠡᠷᠭᠡ ᠶᠢ ᠤᠬᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠢᠭ ᠬᠡᠯᠡ ᠶᠢ | ᠲᠦᠭᠡᠮᠡᠯᠵᠢᠭᠦᠯᠬᠦ ᠠᠵᠢᠯ ᠤᠨ ᠣᠯᠣᠭᠰᠠᠨ ᠴᠢᠬᠤᠯᠠ ᠶᠡᠭᠡ ᠦᠷ᠎ᠡ ᠪᠦᠲᠦᠭᠡᠯ ᠢ ᠳᠡᠯᠭᠡᠨ ᠦᠵᠡᠭᠦᠯᠵᠡᠢ᠃ | ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠶᠢ ᠶᠠᠪᠤᠭᠳᠠᠭᠤᠯᠤᠭᠰᠠᠨ 26 ᠵᠢᠯ ᠤᠨ | ᠲᠤᠷᠰᠢ᠂ ᠪᠦᠭᠦ ᠣᠷᠣᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠹᠷᠣᠨᠲ ᠤᠨ ᠬᠢᠨ ᠡᠨᠡ ᠬᠦ ᠲᠠᠪᠴᠠᠩ ᠳᠤ | ᠲᠦᠰᠢᠭᠯᠡᠵᠦ᠂ ᠣᠯᠠᠨ ᠲᠦᠮᠡᠨ ᠤ ᠦᠭᠡ ᠬᠡᠯᠡᠨ ᠤ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠪᠠᠷ ᠭᠤᠣᠯᠳᠠᠯᠭ᠎ᠠ | ᠪᠤᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠭᠦ | ᠢᠨᠵᠧᠨᠧᠷᠢᠩ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ ᠬᠡᠯᠡᠨ ᠤ ᠰᠤᠷᠭᠠᠨ | ᠬᠥᠮᠦᠵᠢᠯ ᠤᠨ ᠲᠤᠰᠬᠠᠢ ᠲᠥᠯᠥᠪᠯᠡᠭᠡ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠯᠥᠪᠯᠡᠭᠡ᠂ ᠳᠤᠮᠳᠠᠳᠤ ᠶᠢᠨ ᠰᠣᠩᠭᠤᠳᠠᠭ ᠵᠣᠬᠢᠶᠠᠯ ᠢ ᠤᠩᠰᠢᠬᠤ | ᠢᠨᠵᠧᠨᠧᠷᠢᠩ ᠵᠡᠷᠭᠡ ᠶᠢ ᠥᠷᠨᠢᠭᠦᠯᠵᠦ᠂ ᠦᠭᠡ ᠬᠡᠯᠡ ᠥᠰᠥᠭ ᠪᠢᠴᠢᠭ ᠤᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃ | ᠥᠪᠡᠷᠲᠡᠭᠡᠨ ᠵᠠᠰᠠᠬᠤ ᠣᠷᠣᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠭᠡᠰᠢᠭᠦᠨ | ᠨᠢᠭᠡᠴᠢ᠂ ᠪᠤᠭᠤᠲᠤ ᠬᠤᠳᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠦᠭᠡ ᠬᠡᠯᠡ ᠦᠰᠦᠭ ᠪᠢᠴᠢᠭ ᠤᠨ | ᠠᠵᠢᠯ ᠤᠨ ᠵᠥᠪᠯᠡᠯ ᠤᠨ ᠭᠡᠰᠢᠭᠦᠨ ᠨᠢᠭᠡᠴᠢ᠂ ᠡᠯ᠎ᠡ ᠭᠤᠣᠯᠳᠠᠯᠭ᠎ᠠ ᠲᠠᠢ ᠬᠦᠷᠢᠶ᠎ᠡ᠂ ᠦᠨᠳᠦᠰᠦᠨ ᠱᠠᠲᠤᠨ ᠤ ᠨᠢᠭᠡᠴᠢ | ᠪᠣᠯᠣᠨ ᠪᠠᠭᠰᠢ ᠰᠤᠷᠤᠬᠴᠢᠳ ᠤᠨ ᠲᠥᠯᠥᠭᠡᠯᠡᠭᠴᠢᠳ ᠠᠵᠢᠯᠯᠠᠭ᠎ᠠ ᠳᠤ ᠣᠷᠣᠯᠴᠠᠪᠠ᠃ |