ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠰᠤᠷᠤᠯᠴᠠᠬᠤ ᠪᠠ | ᠠᠵᠢᠯᠯᠠᠬᠤ ᠶᠢ ᠤᠶᠠᠯᠳᠤᠭᠤᠯᠬᠤ᠂ ᠪᠠᠶᠢᠴᠠᠭᠠᠬᠤ ᠪᠠ ᠥᠭᠡᠷᠡᠴᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ | ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ | ᠬᠦᠴᠦᠯᠡᠪᠡ᠃ | ᠮᠠᠨ ᠤ ᠣᠷᠣᠨ ᠮᠠᠯ ᠠᠵᠤ ᠠᠬᠤᠢ ᠲᠠᠷᠢᠶᠠᠯᠠᠩ ᠤᠨ ᠡᠬᠢ ᠪᠠᠶᠠᠯᠢᠭ ᠤᠨ ᠲᠠᠯ᠎ᠠ ᠪᠠᠷ ᠥᠪᠡᠷᠮᠢᠴᠡ | ᠳᠠᠪᠠᠭᠤᠯᠢᠭ ᠲᠠᠢ ᠪᠠᠶᠢᠵᠤ᠂ ᠤᠳᠤ ᠨᠢᠭᠡᠨᠲᠡ ᠰᠦ ᠶᠢᠨ ᠦᠢᠯᠡᠰ ᠪᠠ ᠡᠷᠳᠡᠨᠢ ᠰᠢᠰᠢ ᠶᠢᠨ ᠮᠢᠩᠭᠠᠨ ᠳ᠋ᠦᠩᠰᠢᠭᠤᠷ ᠢ | ᠳᠠᠪᠠᠭᠰᠠᠨ 2 ᠠᠵᠤ ᠦᠢᠯᠡᠰ᠂ ᠮᠢᠬᠠᠨ ᠤ ᠦᠬᠡᠷ᠂ ᠮᠢᠬᠠᠨ ᠤ ᠬᠤᠨᠢ ᠪᠠ ᠲᠡᠵᠢᠭᠡᠯ ᠡᠪᠡᠰᠦ ᠵᠡᠷᠭᠡ 500 | ᠳ᠋ᠦᠩᠰᠢᠭᠤᠷ ᠢ ᠳᠠᠪᠠᠭᠰᠠᠨ 3 ᠠᠵᠤ ᠦᠢᠯᠡᠰ᠂ ᠲᠥᠮᠥᠰᠥ᠂ ᠰᠢᠷ᠎ᠠ ᠪᠤᠷᠴᠠᠭ᠂ ᠪᠤᠭᠤᠳᠠᠢ᠂ ᠤᠰᠤᠨ ᠲᠤᠲᠤᠷᠭ᠎ᠠ᠂ | ᠨᠡᠷᠡᠨ ᠬᠤᠸᠠᠷ᠂ ᠢᠳᠡᠰᠢᠨ ᠨᠣᠭᠤᠭ᠎ᠠ᠂ ᠡᠯᠳᠡᠪ ᠠᠮᠤ ᠪᠤᠷᠴᠠᠭ ᠪᠠ ᠢᠮᠠᠭᠠᠨ ᠨᠣᠣᠯᠣᠭᠤᠷ ᠵᠡᠷᠭᠡ ᠵᠠᠭᠤᠨ | ᠳ᠋ᠦᠩᠰᠢᠭᠤᠷ ᠢ ᠳᠠᠪᠠᠭᠰᠠᠨ 8 ᠠᠵᠤ ᠦᠢᠯᠡᠰ ᠲᠠᠢ ᠪᠣᠯᠤᠭᠰᠠᠨ ᠪᠠᠶᠢᠨ᠎ᠠ᠃ ᠬᠤᠨᠢᠨ ᠮᠢᠬ᠎ᠠ᠂ ᠦᠬᠡᠷ ᠤᠨ ᠮᠢᠬ᠎ᠠ᠂ | ᠦᠨᠢᠶᠡᠨ ᠰᠦ᠂ ᠲᠡᠵᠢᠭᠡᠯ ᠡᠪᠡᠰᠦ᠂ ᠢᠮᠠᠭᠠᠨ ᠨᠣᠣᠯᠣᠭᠤᠷ ᠤᠨ ᠭᠠᠷᠤᠯᠲᠠ ᠪᠦᠭᠦ ᠤᠯᠤᠰ ᠲᠤ ᠮᠠᠩᠯᠠᠶᠢᠯᠠᠵᠤ ᠪᠠᠶᠢᠳᠠᠭ᠃ | ᠮᠠᠨ ᠤ ᠣᠷᠣᠨ ᠳᠠᠪᠠᠭᠤᠯᠢᠭ ᠢ ᠠᠮᠵᠢᠨ ᠠᠳᠬᠤᠭᠰᠠᠨ ᠰᠠᠭᠤᠷᠢᠨ ᠳᠡᠭᠡᠷ᠎ᠡ ︽ᠬᠤᠶᠠᠷ ᠢ ᠠᠳᠬᠤᠵᠤ ᠭᠤᠷᠪᠠ ᠶᠢ | ᠬᠤᠯᠪᠣᠭᠳᠠᠭᠤᠯᠤᠨ ᠨᠢᠭᠡ ᠶᠢ ᠳᠠᠶᠢᠴᠢᠯᠠᠬᠤ︾ ᠶᠢ ᠪᠠᠷᠢᠮᠲᠠᠯᠠᠵᠤ᠂ ᠤᠯᠠᠮᠵᠢᠯᠠᠯᠲᠤ ᠮᠠᠯ ᠠᠵᠤ ᠠᠬᠤᠢ ᠲᠠᠷᠢᠶᠠᠯᠠᠩ ᠢ | ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠲᠡᠶᠢᠰᠢ ᠬᠤᠪᠢᠷᠠᠭᠤᠯᠬᠤ ᠶᠢ ᠠᠬᠢᠭᠤᠯᠪᠠ᠃ ᠣᠳᠣᠬᠠᠨ ᠳᠤ | ᠠᠷᠠᠯᠵᠢᠶᠠᠴᠢᠨ ᠤᠷᠢᠬᠤ ᠶᠢ ᠰᠢᠯᠢᠳᠡᠭᠵᠢᠭᠦᠯᠬᠦ ᠲᠣᠭᠲᠠᠴᠠ ᠶᠢ ᠨᠢᠭᠡᠨᠲᠡ ᠪᠠᠶᠢᠭᠤᠯᠵᠤ᠂ ᠠᠷᠠᠯᠵᠢᠶᠠᠴᠢᠨ ᠤᠷᠢᠬᠤ | ᠲᠤᠰᠬᠠᠢ ᠠᠩᠭᠢ ᠪᠠᠶᠢᠭᠤᠯᠤᠨ ᠠᠶᠢᠮᠠᠭ ᠬᠤᠲᠠ ᠬᠤᠰᠢᠭᠤ ᠰᠢᠶᠠᠨ ᠲᠠᠢ ᠬᠤᠯᠪᠤᠭᠠᠯᠠᠨ ᠬᠥᠳᠡᠯᠦᠯᠴᠡᠵᠦ᠂ 402 | ᠲᠥᠷᠥᠯ ᠵᠦᠢᠯ ᠢ ᠣᠷᠣᠭᠤᠯᠤᠨ ᠠᠪᠴᠢᠷᠠᠪᠠ; ᠲᠥᠷᠥᠯ ᠵᠦᠢᠯ ᠨᠥᠭᠡᠴᠡᠯᠡᠬᠦ ᠬᠥᠮᠥᠷᠭᠡ ᠶᠢᠨ ᠲᠣᠭᠲᠠᠴᠠ ᠶᠢ | ᠰᠢᠨ᠎ᠡ ᠪᠠᠷ ᠪᠠᠶᠢᠭᠤᠯᠵᠤ᠂ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ 787 ᠳᠤ ᠭᠦᠷᠪᠡ᠃ | ᠦᠵᠡᠯ ᠰᠠᠨᠠᠭ᠎ᠠ ᠪᠠᠨ ᠴᠢᠯᠦᠭᠡᠯᠡᠬᠦ ᠶᠠᠪᠤᠳᠠᠯ ᠬᠡᠵᠢᠶᠡᠳᠡ ᠳᠠᠭᠤᠰᠤᠰᠢ ᠦᠭᠡᠢ᠂ ᠦᠢᠯᠡᠳᠦᠯᠭᠡ ᠶᠢᠨ | ᠬᠥᠭᠵᠢᠯᠲᠡ ᠡᠭᠦᠷᠢᠳᠡ ᠲᠤᠭᠤᠰᠢᠯᠠᠭᠳᠠᠨᠠ᠃ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠥᠷᠢᠶ᠎ᠡ ᠪᠠᠨ ᠡᠷᠢᠭᠰᠡᠨ | ᠰᠠᠭᠤᠷᠢᠨ ᠳᠡᠭᠡᠷ᠎ᠡ ᠳᠤᠲᠠᠭᠤᠳᠠᠯ ᠢᠶᠠᠨ ᠨᠥᠬᠦᠪᠦᠷᠢᠯᠡᠬᠦ ᠬᠦᠴᠦᠯᠡᠬᠦ ᠴᠡᠭ ᠢ ᠲᠣᠳᠣᠷᠬᠠᠶᠢᠯᠠᠨ᠂ ᠬᠥᠭᠵᠢᠯᠲᠡ ᠶᠢ ᠪᠦᠭᠦ | ᠬᠦᠴᠦᠨ ᠢᠶᠠᠷ ᠢᠶᠠᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ ᠣᠷᠣᠨ ᠲᠡᠶᠢᠰᠢ ᠬᠤᠪᠢᠷᠠᠬᠤ | ᠠᠬᠢᠴᠠ ᠶᠢ ᠲᠦᠷᠭᠡᠳᠬᠡᠬᠦ ᠪᠣᠯᠣᠨ᠎ᠠ᠃ | ᠨᠢᠭᠡ ᠳᠤ᠂ ᠰᠠᠭᠤᠷᠢ ᠶᠢ ᠪᠠᠲᠤᠳᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ︽ᠠᠷᠪᠠᠨ ᠨᠢᠭᠡᠨ | ᠵᠤᠷᠪᠤᠰ︾ ᠤᠨ ᠲᠠᠰ ᠳᠡᠪᠰᠢᠭᠰᠡᠨ ᠬᠡᠪ ᠢ ᠲᠦᠷᠭᠡᠪᠴᠢᠯᠡᠨ ᠨᠡᠶᠢᠲᠡᠯᠡᠵᠦ᠂ ᠬᠠᠷ᠎ᠠ ᠬᠥᠷᠥᠰᠥᠲᠦ ᠭᠠᠵᠠᠷ᠂ ᠬᠤᠵᠢᠷᠯᠢᠭ | ᠭᠠᠵᠠᠷ ᠤᠨ ᠬᠤᠶᠠᠷ ᠰᠤᠳᠤᠯᠭᠠᠨ ᠤ ᠬᠦᠷᠢᠶᠡᠯᠡᠩ ᠤᠨ ᠦᠢᠯᠡᠳᠦᠯ ᠢ ᠪᠠᠳᠠᠷᠠᠭᠤᠯᠤᠨ᠂ ᠤᠨᠠᠯᠳᠠ ᠶᠢ ᠨᠡᠮᠡᠭᠳᠡᠭᠦᠯᠦᠭᠰᠡᠨ | ᠨᠡᠶᠢᠲᠡᠯᠢᠭ ᠵᠢᠱᠢᠶ᠎ᠡ ᠶᠢ ᠪᠤᠶ ᠪᠣᠯᠭᠠᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠵᠦ᠂ ᠬᠠᠮᠲᠤᠷᠠᠨ ᠠᠵᠢᠯᠯᠠᠵᠤ ᠦᠷ᠎ᠡ ᠪᠣᠶᠢᠵᠢᠭᠤᠯᠬᠤ ᠪᠡᠷᠬᠡ ᠪᠣᠭᠤᠮᠲᠠ ᠶᠢ | ᠰᠢᠪᠲᠤᠯᠬᠤ ᠠᠵᠢᠯ ᠥᠷᠨᠢᠭᠦᠯᠦᠨ᠂︽ᠪᠣᠭᠤᠮᠢ︾ ᠶᠢᠨ ᠠᠰᠠᠭᠤᠳᠠᠯ ᠢ ᠰᠢᠢᠳᠪᠦᠷᠢᠯᠡᠨ᠎ᠡ᠃ | ᠬᠤᠶᠠᠷ ᠲᠤ᠂ ᠦᠷ᠎ᠡ ᠠᠰᠢᠭ ᠢ ᠨᠡᠮᠡᠭᠳᠡᠭᠦᠯᠦᠨ᠎ᠡ᠃ ᠤᠯᠤᠰ ᠤᠨ ᠮᠢᠩᠭᠠᠨ ᠳ᠋ᠦᠩᠰᠢᠭᠤᠷ ᠵᠢᠩ ᠤᠨ ᠠᠮᠤ | ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠡᠷᠳᠡᠨᠢ | ᠰᠢᠰᠢ᠂ ᠰᠢᠷ᠎ᠠ ᠪᠤᠷᠴᠠᠭ ᠤᠨ ᠮᠦ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠪᠠ 1000 ᠺᠢᠯᠦᠭᠷᠠᠮ ᠤᠨ ᠤᠨᠠᠯᠳᠠ | ᠲᠠᠢ ᠰᠠᠶᠢᠨ ᠲᠠᠷᠢᠶ᠎ᠠ ᠶᠢ ᠡᠭᠦᠳᠦᠨ ᠪᠠᠶᠢᠭᠤᠯᠬᠤ ᠭᠤᠷᠪᠠᠨ ᠶᠡᠭᠡ ᠢᠨᠵᠧᠨᠧᠷᠢᠩ ᠢ ᠬᠡᠷᠡᠭᠵᠢᠭᠦᠯᠦᠨ᠂ ᠠᠮᠤ ᠪᠤᠳᠠᠭᠠᠨ | ᠤ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠪᠤᠷᠢᠵᠢᠭᠤᠯᠤᠨ᠎ᠠ᠃ ᠬᠠᠰᠢᠶᠠᠯᠠᠨ ᠲᠡᠵᠢᠭᠡᠬᠦ ᠶᠢ ᠬᠥᠭᠵᠢᠭᠦᠯᠵᠦ᠂ ᠨᠢᠭᠡ | ᠪᠦᠯᠦᠭ ᠮᠢᠬᠠᠨ ᠤ ᠦᠬᠡᠷ ᠮᠢᠬᠠᠨ ᠤ ᠬᠤᠨᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠬᠡᠪ ᠳᠠᠭᠤᠷᠢᠶᠠᠯ ᠤᠨ ᠲᠡᠵᠢᠭᠡᠨ ᠦᠷᠡᠵᠢᠭᠦᠯᠬᠦ ᠲᠠᠯᠠᠪᠠᠢ ᠶᠢ ᠡᠭᠦᠳᠦᠨ ᠪᠠᠶᠢᠭᠤᠯᠵᠤ᠂ ᠪᠡᠯᠴᠢᠭᠡᠷ ᠤᠨ ᠳᠠᠭᠠᠭᠠᠴᠠ | ᠠᠴᠠ ᠬᠡᠲᠦᠷᠡᠲᠡᠯ᠎ᠡ ᠮᠠᠯᠵᠢᠬᠤ ᠦᠭᠡᠢ᠂ ᠮᠠᠯᠴᠢᠳ ᠤᠨ ᠣᠷᠣᠯᠭ᠎ᠠ ᠶᠢ ᠪᠠᠭᠤᠷᠠᠭᠤᠯᠬᠤ ᠦᠭᠡᠢ ᠪᠠᠶᠢᠬᠤ ᠶᠢ | ᠪᠡᠶᠡᠯᠡᠭᠦᠯᠦᠨ᠎ᠡ᠃ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠦᠢᠯ ᠤᠨ ᠲᠦᠷᠦ ᠶᠢᠨ ᠪᠣᠳᠣᠯᠭ᠎ᠠ︾ | ᠶᠢᠨ ᠳᠡᠰ ᠳᠡᠪᠰᠢᠭᠰᠡᠨ ᠬᠡᠪ ᠢ ᠨᠡᠶᠢᠲᠡᠯᠡᠬᠦ ᠶᠢ ᠲᠦᠷᠭᠡᠳᠬᠡᠨ ᠠᠬᠢᠭᠤᠯᠵᠤ ᠪᠢᠰᠢᠯᠠᠭ ᠪᠠ ᠰᠢᠷ᠎ᠠ ᠲᠣᠰᠣ ᠵᠡᠷᠭᠡ | ᠰᠦ ᠶᠡᠭᠡ ᠬᠡᠷᠡᠭᠯᠡᠳᠡᠭ ᠪᠦᠲᠦᠭᠡᠭᠳᠡᠬᠦᠨ ᠢ ᠬᠥᠭᠵᠢᠭᠦᠯᠬᠦ ᠶᠢ ᠳᠡᠮᠵᠢᠵᠦ᠂ ᠰᠢᠩᠭᠡᠨ ᠲᠥᠯᠥᠪᠲᠦ ᠰᠦ ᠶᠢᠨ | ᠪᠦᠲᠦᠭᠡᠭᠳᠡᠬᠦᠨ ᠤ ᠡᠵᠡᠯᠡᠬᠦ ᠬᠠᠷᠢᠴᠠᠯ ᠢ ᠪᠠᠭᠤᠷᠠᠭᠤᠯᠤᠨ᠂ ᠵᠠᠬ᠎ᠠ ᠳᠡᠯᠭᠡᠭᠦᠷ ᠤᠨ ᠲᠣᠬᠢᠷᠠᠭᠤᠯᠬᠤ ᠴᠢᠳᠠᠪᠤᠷᠢ ᠶᠢ | ᠨᠡᠮᠡᠭᠳᠡᠭᠦᠯᠦᠨ᠎ᠡ᠃ | ᠭᠤᠷᠪᠠ ᠳᠤ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠣᠮᠣ ᠬᠦᠷᠢᠶᠡᠯᠡᠩ ᠲᠣᠭᠤᠷᠢᠭ᠂ ᠲᠣᠮᠣ ᠪᠦᠯᠦᠭᠵᠢᠯ᠂ | ᠶᠡᠭᠡ ᠠᠭᠤᠰᠤᠯᠴᠠᠯ ᠤᠨ ᠰᠡᠳᠬᠢᠴᠡ ᠶᠢ ᠪᠠᠷᠢᠮᠲᠠᠯᠠᠨ᠂ ᠠᠵᠤ ᠠᠬᠤᠶᠢᠯᠠᠯ ᠢ ᠴᠣᠭᠴᠠᠯᠠᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ ᠶᠢ ᠴᠢᠩᠭᠠᠳᠬᠠᠵᠤ᠂ ᠳᠠᠭᠠᠯᠲᠠ ᠪᠦᠲᠦᠭᠡᠭᠳᠡᠬᠦᠨ ᠢ ᠲᠤᠭᠤᠰᠢᠲᠠᠢ ᠠᠰᠢᠭᠯᠠᠨ᠂ ᠥᠷᠲᠡᠭ | ᠢ ᠨᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ᠨᠡᠶᠢᠭᠡᠮᠴᠢᠯᠡᠭᠰᠡᠨ ᠦᠢᠯᠡᠴᠢᠯᠡᠭᠡᠨ ᠤ ᠪᠦᠬᠦᠶᠢᠯᠡ | ᠲᠣᠰᠬᠤᠨ ᠢᠶᠠᠷ ᠵᠢᠱᠢᠶ᠎ᠡ ᠦᠵᠡᠭᠦᠯᠭᠦ ᠠᠵᠢᠯᠯᠠᠭ᠎ᠠ ᠥᠷᠨᠢᠭᠦᠯᠵᠦ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ︽ᠭᠤᠷᠪᠠ ᠶᠢ ᠨᠢᠭᠡ ᠴᠣᠭᠴᠠᠵᠢᠭᠤᠯᠬᠤ︾ ᠵᠠᠭᠪᠤᠷ ᠢ ᠳᠡᠯᠭᠡᠷᠡᠭᠦᠯᠦᠨ᠎ᠡ᠃ ᠮᠥᠩᠭᠦᠨ ᠭᠦᠢᠯᠭᠡᠭᠡᠨ ᠤ | ᠪᠦᠲᠦᠭᠡᠭᠳᠡᠬᠦᠨ ᠤ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠲᠣᠰᠬᠤᠨ ᠤ ᠳᠡᠳ᠋ ᠳᠠᠷᠤᠭ᠎ᠠ ᠵᠡᠷᠭᠡ ᠵᠠᠭᠪᠤᠷ ᠢ | ᠳᠡᠯᠭᠡᠷᠡᠭᠦᠯᠦᠨ᠂ ᠪᠡᠯᠡ ᠬᠤᠷᠠᠮᠳᠤᠭᠤᠯᠬᠤ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠭᠠᠵᠠᠷ ᠰᠢᠷᠣᠢ | ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠪᠠ ᠭᠡᠷ ᠪᠠᠶᠢᠰᠢᠩ ᠤᠨ ᠰᠠᠭᠤᠷᠢ ᠶᠢᠨ | ᠥᠭᠡᠷᠡᠴᠢᠯᠡᠯᠲᠡ ᠶᠢ ᠰᠦᠪᠡᠭᠴᠢᠯᠡᠨ ᠠᠬᠢᠭᠤᠯᠵᠤ᠂ ᠰᠢᠨ᠎ᠡ ᠪᠠᠷ ᠨᠡᠮᠡᠭᠳᠡᠭᠦᠯᠬᠦ ᠲᠠᠷᠢᠶᠠᠨ ᠭᠠᠵᠠᠷ ᠤᠨ ᠨᠡᠮᠡᠭᠳᠡᠯ | ᠬᠠᠰᠤᠭᠳᠠᠯ ᠢ ᠬᠤᠯᠪᠣᠭᠳᠠᠭᠤᠯᠬᠤ᠂ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠵᠡᠷᠭᠡ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠵᠦ᠂ ︽ᠮᠢᠩᠭᠠᠨ ᠲᠤᠰᠬᠤᠨ ᠢᠶᠠᠷ ᠵᠢᠱᠢᠶ᠎ᠡ ᠦᠵᠡᠭᠦᠯᠦᠨ ᠲᠦᠮᠡᠨ ᠲᠤᠰᠬᠤᠨ ᠢ | ᠴᠡᠭᠴᠡᠯᠡᠨ ᠵᠠᠰᠠᠬᠤ ᠢᠨᠵᠧᠨᠧᠷᠢᠩ︾ ᠪᠠ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾ ᠶᠢᠨ ᠲᠤᠷᠰᠢᠯᠭ᠎ᠠ ᠶᠢ | ᠳᠡᠯᠭᠡᠷᠡᠭᠦᠯᠦᠨ᠂ ᠭᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ᠂ ᠬᠦᠷᠢᠶ᠎ᠡ ᠬᠠᠰᠢᠶᠠᠨ ᠤ ᠠᠵᠤ ᠠᠬᠤᠢ ᠶᠢ | ᠬᠥᠭᠵᠢᠭᠦᠯᠬᠦ ᠵᠡᠷᠭᠡ ᠠᠷᠭ᠎ᠠ ᠭᠡᠯᠪᠡᠷᠢ ᠪᠠᠷ ᠳᠠᠮᠵᠢᠨ ᠮᠠᠯᠴᠢᠨ ᠲᠠᠷᠢᠶᠠᠴᠢᠨ ᠤ ᠣᠷᠣᠯᠭ᠎ᠠ ᠶᠢᠨ ᠳᠤᠲᠠᠭᠤᠳᠠᠯ ᠢ | ᠨᠥᠬᠦᠪᠦᠷᠢᠯᠡᠨ᠎ᠡ᠃ |