ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠠᠷᠠᠳ ᠤᠨ | ᠶᠠᠪᠤᠳᠠᠯ ᠤᠨ ᠶᠠᠮᠤᠨ᠂ ᠲᠥᠪ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠵᠢᠯᠤᠭᠤᠳᠬᠤ ᠵᠥᠪᠯᠡᠯ ᠤᠨ ᠠᠯᠪᠠᠨ | ᠭᠡᠷ ᠬᠠᠮᠲᠤᠷᠠᠨ︽ᠬᠤᠷᠢᠮ ᠨᠠᠶᠢᠷ ᠬᠢᠬᠦ ᠳᠡᠭᠡᠨ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ | ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠠᠯᠠᠭ᠎ᠠ ᠮᠥᠴᠢᠷ ᠤᠨ | ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ᠂ ᠨᠡᠶᠢᠭᠡᠮᠯᠢᠭ ᠠᠴᠠ ᠬᠦᠴᠦᠯᠡᠬᠦ ᠶᠢ ᠬᠥᠲᠥᠯᠥᠨ | ᠵᠢᠯᠤᠭᠤᠳᠬᠤ ᠪᠠᠷ ᠳᠠᠮᠵᠢᠭᠤᠯᠤᠨ᠂ ᠰᠢᠨ᠎ᠡ ᠬᠥᠮᠥᠨ ᠤ ᠣᠷᠤᠭ ᠳᠠᠩᠰᠠᠯᠠᠭᠤᠯᠬᠤ ᠦᠶ᠎ᠡ ᠠᠴᠠ ᠡᠬᠢᠯᠡᠨ | ᠰᠠᠨᠠᠭᠤᠯᠤᠮᠵᠢ ᠥᠭᠬᠦ᠂ ᠬᠤᠷᠢᠮ ᠨᠠᠶᠢᠷ ᠤᠨ ᠨᠣᠭᠤᠭ᠎ᠠ ᠵᠠᠭᠤᠰᠢ ᠶᠢ ᠵᠦᠢ ᠵᠣᠬᠢᠰᠲᠠᠢ ᠲᠥᠯᠥᠪᠯᠡᠬᠦ ᠠᠴᠠ ᠠᠪᠤᠭᠠᠳ | ᠬᠤᠭᠤᠯᠠ ᠬᠠᠩᠭᠠᠬᠤ ᠦᠢᠯᠡᠴᠢᠯᠡᠭᠡᠨ ᠤ ᠭᠡᠯᠪᠡᠷᠢ ᠶᠢᠨ ᠰᠢᠨ᠎ᠡ ᠶᠢ ᠡᠭᠦᠳᠬᠦ᠂ ᠬᠤᠭᠤᠯᠠᠨ ᠤ ᠳᠠᠷᠠᠭ᠎ᠠ ᠬᠠᠨᠳᠢᠪᠯᠡᠨ | ᠬᠦᠷᠭᠡᠬᠦ ᠶᠢ ᠰᠦᠪᠡᠭᠴᠢᠯᠡᠬᠦ ᠬᠦᠷᠲᠡᠯᠡᠬᠢ ᠥᠷᠭᠡᠨ ᠬᠦᠷᠢᠶ᠎ᠡ ᠴᠠᠷᠠᠭ᠎ᠠ᠂ ᠪᠦᠭᠦ ᠶᠠᠪᠤᠴᠠ ᠶᠢᠨ᠂ ᠣᠯᠠᠨ ᠲᠠᠰ | ᠳᠠᠪᠬᠤᠷᠭ᠎ᠠ ᠶᠢᠨ ᠳᠦᠷᠢᠮ ᠲᠣᠭᠲᠠᠴᠠ ᠶᠢ ᠪᠠᠶᠢᠭᠤᠯᠪᠠ᠃ | ᠮᠡᠳᠡᠭᠳᠡᠯ ᠳᠤ᠂ ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢ ᠠᠴᠠ ᠢᠳᠡᠭᠡᠨ ᠤᠮᠳᠠᠭᠠᠨ ᠢ ᠪᠦᠷᠢᠯᠭᠡᠨ | ᠰᠦᠢᠳᠬᠡᠬᠦ ᠶᠢ ᠬᠤᠷᠢᠭᠯᠠᠬᠤ ᠬᠠᠮᠢᠶ᠎ᠠ ᠪᠦᠬᠦᠢ ᠠᠭᠤᠯᠭ᠎ᠠ ᠶᠢ ᠬᠤᠷᠢᠮ ᠨᠠᠶᠢᠷ ᠤᠨ ᠦᠢᠯᠡᠴᠢᠯᠡᠭᠡᠨ ᠤ ᠬᠡᠯᠡᠯᠴᠡᠭᠡᠷ ᠲᠤ | ᠣᠷᠣᠭᠤᠯᠵᠤ᠂ ᠬᠡᠷᠡᠭᠯᠡᠭᠴᠢᠳ ᠢ ᠬᠥᠲᠥᠯᠥᠨ ᠵᠢᠯᠤᠭᠤᠳᠴᠤ ︽ᠠᠷᠪᠢᠲᠠᠢ ᠬᠤᠭᠤᠯᠠᠯᠠᠬᠤ ᠠᠵᠢᠯᠯᠠᠭ᠎ᠠ︾ ᠶᠢ | ᠦᠢᠯᠡᠳᠦᠯᠭᠡᠵᠢᠭᠦᠯᠬᠦ ᠭᠡᠷᠡᠭᠲᠡᠶ︔ ᠬᠤᠷᠢᠮ ᠨᠠᠶᠢᠷ ᠤᠨ ᠲᠣᠪᠶᠤᠭ ᠢ ᠰᠢᠯᠢᠳᠡᠭᠵᠢᠭᠦᠯᠵᠦ᠂ ᠬᠠᠭᠤᠷᠤᠯᠭ᠎ᠠ ᠶᠢᠨ ᠲᠤᠭ᠎ᠠ | ᠬᠡᠮᠵᠢᠶ᠎ᠡ ᠪᠠ ᠬᠤᠪᠢ ᠶᠢᠨ ᠵᠢᠩ ᠢ ᠵᠣᠬᠢᠰᠲᠠᠢ ᠲᠣᠬᠢᠷᠠᠭᠤᠯᠬᠤ ᠬᠡᠷᠡᠭᠲᠡᠢ︔ ᠬᠤᠷᠢᠮ ᠤᠨ ᠶᠣᠰᠣᠯᠠᠯ ᠤᠨ | ᠦᠢᠯᠡᠴᠢᠯᠡᠭᠡ ᠡᠵᠡᠩᠨᠡᠭᠴᠢ ᠶᠢᠨ ᠣᠯᠠᠨ ᠵᠦᠢᠯ ᠤᠨ ᠭᠡᠯᠪᠡᠷᠢ ᠶᠢᠨ ᠬᠤᠭᠤᠯᠠ ᠬᠠᠩᠭᠠᠬᠤ ᠶᠢ ᠵᠣᠷᠢᠭᠵᠢᠭᠤᠯᠵᠤ᠂ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠂ ᠬᠡᠷᠡᠭᠯᠡᠭᠴᠢᠳ ᠤᠨ ᠬᠤᠭᠤᠯᠠᠨ ᠤ ᠳᠠᠷᠠᠭ᠎ᠠ ᠪᠣᠭᠤᠳᠠᠯᠯᠠᠬᠤ ᠶᠢ | ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠮᠡᠳᠡᠭᠳᠡᠯ ᠳᠤ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯᠣᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ | ᠠᠯᠪᠠᠨ ᠭᠡᠷ ᠳᠦᠷᠢᠮ ᠤᠨ ᠬᠠᠩᠭᠠᠯᠭ᠎ᠠ ᠶᠢ ᠴᠢᠩᠭᠠᠳᠬᠠᠵᠤ᠂ ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢ ᠶᠢᠨ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠣᠯᠣᠨ ᠵᠠᠰᠠᠭ ᠵᠠᠬᠢᠷᠭᠠᠨ ᠤ ᠵᠢᠯᠣᠭᠤᠳᠤᠯᠭ᠎ᠠ ᠶᠢ ᠴᠢᠩᠭᠠᠳᠬᠠᠵᠤ᠂ | ᠰᠢᠨ᠎ᠡ ᠬᠥᠮᠥᠨ ᠣᠷᠤᠭ ᠳᠠᠩᠰᠠᠯᠠᠭᠤᠯᠬᠤ ᠦᠶ᠎ᠡ ᠳᠤ ᠰᠠᠨᠠᠭᠤᠯᠤᠮᠵᠢ ᠥᠭᠬᠦ ᠶᠢ ᠰᠠᠶᠢᠲᠤᠷ ᠬᠢᠵᠦ᠂ ᠪᠦᠷᠢᠯᠭᠡᠨ | ᠰᠦᠢᠳᠬᠡᠬᠦ ᠨᠢ ᠢᠴᠢᠭᠦᠷᠢᠲᠡᠢ᠂ ᠠᠷᠪᠢᠯᠠᠨ ᠭᠠᠮᠨᠠᠬᠤ ᠨᠢ ᠢᠷᠠᠭᠤ ᠠᠯᠳᠠᠷ ᠲᠠᠢ ᠪᠠᠶᠢᠬᠤ ᠠᠭᠤᠷ ᠠᠮᠢᠰᠬᠤᠯ ᠢ | ᠢᠳᠡᠪᠬᠢᠲᠡᠢ ᠪᠤᠶ ᠪᠤᠯᠭᠠᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠶᠢ ᠪᠦᠭᠦ | ᠨᠡᠶᠢᠭᠡᠮ ᠤᠨ ᠠᠵᠢᠯᠯᠠᠭᠠᠨ ᠤ ᠤᠬᠠᠮᠰᠠᠷ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠮᠡᠳᠡᠭᠳᠡᠯ ᠳᠤ᠂ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠬᠥᠲᠥᠯᠥᠨ ᠵᠢᠯᠤᠭᠤᠳᠬᠤ | ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠷᠠᠭᠤᠯᠤᠨ᠂ | ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢ ᠶᠢ ᠬᠥᠲᠥᠯᠥᠨ ᠵᠢᠯᠤᠭᠤᠳᠴᠤ ᠪᠦᠭᠦ ᠶᠠᠪᠤᠴᠠ ᠳᠤ | ᠪᠠᠷᠢᠮᠵᠢᠶᠠᠵᠢᠭᠤᠯᠬᠤ ᠪᠠ ᠵᠢᠷᠤᠮᠵᠢᠭᠤᠯᠤᠨ ᠬᠠᠮᠢᠶᠠᠷᠬᠤ ᠶᠢ ᠬᠡᠷᠡᠭᠵᠢᠭᠦᠯᠵᠦ᠂ ᠢᠳᠡᠭᠡᠨ ᠤ ᠵᠦᠢᠯ ᠤᠨ ᠠᠮᠤᠷ | ᠲᠦᠪᠰᠢᠨ ᠢ ᠪᠠᠲᠤᠯᠠᠬᠤ ᠮᠥᠷᠲᠡᠭᠡᠨ ᠪᠠᠰᠠ ᠢᠳᠡᠭᠡᠨ ᠤ ᠮᠠᠲ᠋ᠧᠷᠢᠶᠠᠯ ᠤᠨ ᠴᠢᠬᠤᠯᠠ ᠪᠤᠰᠤ ᠬᠤᠷᠣᠭᠳᠠᠭᠤᠯᠤᠯ ᠢ | ᠪᠠᠭᠠᠰᠬᠠᠬᠤ ᠭᠡᠷᠡᠭᠲᠡᠶ︔ ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢ ᠶᠢᠨ ᠨᠢᠭᠡᠳᠦᠯᠲᠡᠢ ᠭᠡᠯᠪᠡᠷᠢ ᠶᠢᠨ ᠣᠯᠠᠨ | ᠨᠡᠶᠢᠲᠡ ᠶᠢᠨ ᠬᠤᠭᠤᠯᠠᠨ ᠤ ᠬᠡᠷᠡᠭᠰᠡᠯ ᠢ ᠬᠡᠷᠡᠭᠯᠡᠬᠦ ᠶᠢ ᠬᠥᠲᠥᠯᠥᠨ ᠵᠢᠯᠤᠭᠤᠳᠬᠤ ᠶᠢᠨ ᠬᠠᠮᠲᠤ ᠣᠯᠠᠨ ᠨᠡᠶᠢᠲᠡ ᠶᠢᠨ | ᠬᠤᠭᠤᠯᠠᠨ ᠤ ᠬᠡᠷᠡᠭᠰᠡᠯ ᠢ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠲᠣᠳᠣᠷᠬᠠᠶᠢᠯᠠᠪᠠ᠃ |