ᠤᠯᠤᠰ ᠤᠨ ᠴᠠᠭᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠪᠡᠶ᠎ᠡ ᠶᠢᠨ ᠴᠠᠭᠢᠯᠭᠠᠨ ᠬᠦᠴᠦᠨ ᠤ | ᠬᠢᠵᠠᠭᠠᠷᠲᠤ ᠺᠤᠮᠫᠠᠨᠢ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠣᠷᠣᠨ ᠣᠨᠴᠠ ᠥᠨᠳᠥᠷ ᠬᠦᠴᠦᠳᠡᠯ | ᠤᠨ ᠴᠠᠭᠢᠯᠭᠠᠨ ᠲᠣᠣᠷ ᠤᠨ ᠬᠡᠪᠴᠢᠶ᠎ᠡ ᠪᠠᠷ ᠪᠦᠭᠦ ᠤᠯᠤᠰ ᠲᠤ ᠳᠡᠳ᠋ᠯᠡᠵᠦ᠂ ᠣᠨᠴᠠ ᠥᠨᠳᠥᠷ ᠬᠦᠴᠦᠳᠡᠯ ᠢᠶᠠᠷ | ᠴᠠᠭᠢᠯᠭᠠᠨ ᠢ ᠭᠠᠳᠠᠭᠰᠢ ᠬᠦᠷᠭᠡᠬᠦ ᠴᠢᠳᠠᠪᠤᠷᠢ 4600 ᠲᠦᠮᠡᠨ ᠺᠢᠯᠣᠸᠠᠲ ᠲᠤ ᠬᠦᠷᠴᠦ᠂ ᠡᠨᠡ ᠵᠢᠯ ᠤᠨ 1 - 8 | ᠰᠠᠷ᠎ᠠ ᠳᠤ ᠣᠨᠴᠠ ᠥᠨᠳᠥᠷ ᠬᠦᠴᠦᠳᠡᠯ ᠢᠶᠠᠷ 1141.7 ᠳ᠋ᠦᠩᠰᠢᠭᠤᠷ ᠺᠢᠯᠣᠸᠠᠲ ᠴᠠᠭ ᠴᠠᠭᠢᠯᠭᠠᠨ ᠢ ᠭᠠᠳᠠᠭᠰᠢ | ᠬᠦᠷᠭᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 21.2% ᠢᠶᠠᠷ ᠨᠡᠮᠡᠭᠳᠡᠨ᠂ ᠣᠨᠴᠠ ᠥᠨᠳᠥᠷ | ᠬᠦᠴᠦᠳᠡᠯ ᠢᠶᠠᠷ ᠴᠠᠭᠢᠯᠭᠠᠨ ᠢ ᠭᠠᠳᠠᠭᠰᠢ ᠬᠦᠷᠭᠡᠭᠰᠡᠨ ᠶᠡᠷᠦᠩᠬᠡᠢ ᠬᠡᠮᠵᠢᠶ᠎ᠡ 5075 ᠳ᠋ᠦᠩᠰᠢᠭᠤᠷ ᠺᠢᠯᠣᠸᠠᠲ ᠴᠠᠭ | ᠲᠤ ᠬᠦᠷᠴᠦ᠂ ᠥᠪᠥᠷ ᠮᠣᠩᠭᠤᠯ ᠤᠨ ᠪᠦᠭᠦ ᠤᠯᠤᠰ ᠤᠨ ᠨᠢᠭᠡᠳᠦᠯᠲᠡᠢ ᠴᠠᠭᠢᠯᠭᠠᠨ ᠬᠦᠴᠦᠨ ᠤ ᠵᠠᠬ᠎ᠠ ᠳᠡᠯᠭᠡᠭᠦᠷ | ᠤᠨ ᠴᠢᠬᠤᠯᠠ ᠬᠠᠩᠭᠠᠭᠴᠢ ᠪᠠ ᠬᠦᠴᠦ ᠨᠡᠮᠡᠷᠢ ᠦᠵᠡᠭᠦᠯᠦᠭᠴᠢ ᠶᠢᠨ ᠪᠠᠶᠢᠷᠢ ᠰᠠᠭᠤᠷᠢ ᠶᠢ ᠴᠣᠭᠴᠠᠯᠠᠭᠰᠠᠨ ᠪᠠᠶᠢᠨ᠎ᠠ᠃ | | | | ᠮᠠᠨ ᠤ ᠣᠷᠣᠨ ᠤ ᠣᠨᠴᠠ ᠥᠨᠳᠥᠷ ᠬᠦᠴᠦᠳᠡᠯ ᠤᠨ ᠴᠠᠭᠢᠯᠭᠠᠨ ᠲᠣᠣᠷ ᠭᠤᠣᠯᠳᠠᠭᠤ ᠰᠢᠯᠢ ᠶᠢᠨ ᠭᠤᠣᠯ | ᠠᠶᠢᠮᠠᠭ ᠪᠠ ᠣᠷᠳᠣᠰ ᠬᠤᠳᠠ ᠳᠤ ᠪᠤᠢ᠃ ᠤᠯᠤᠰ ᠤᠨ ᠴᠠᠭᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠪᠡᠶ᠎ᠡ | ᠶᠢᠨ ᠴᠠᠭᠢᠯᠭᠠᠨ ᠬᠦᠴᠦᠨ ᠤ ᠬᠢᠵᠠᠭᠠᠷᠲᠤ ᠺᠤᠮᠫᠠᠨᠢ ᠪᠠᠶᠢᠭᠤᠯᠤᠭᠳᠠᠭᠰᠠᠨ 14 ᠵᠢᠯ ᠤᠨ ᠲᠤᠷᠰᠢ᠂ ᠨᠡᠶᠢᠳᠡ 1300 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠤᠨ ᠱᠠᠨᠳᠦ᠋ᠩ᠂ ᠲᠢᠶᠠᠨᠵᠢᠨ᠂ ᠱᠠᠨ ᠰᠢ᠂ ᠵᠢᠶᠠᠩᠰᠤ ᠶᠢᠨ | ᠴᠠᠭᠢᠯᠭᠠᠨ ᠬᠦᠴᠦᠨ ᠤ ᠵᠠᠬ᠎ᠠ ᠳᠡᠯᠭᠡᠭᠦᠷ ᠲᠤ ᠬᠠᠨᠳᠤᠭᠤᠯᠤᠭᠰᠠᠨ ︽ᠳᠦᠷᠪᠡᠨ ᠬᠤᠪᠢᠰᠤᠮᠠᠯ ᠭᠦᠶᠦᠳᠡᠯᠲᠦ ᠭᠤᠷᠪᠠᠨ | ᠲᠣᠭᠲᠠᠮᠠᠯ ᠭᠦᠶᠦᠳᠡᠯᠲᠦ︾ ᠣᠨᠴᠠ ᠥᠨᠳᠥᠷ ᠬᠦᠴᠦᠳᠡᠯᠲᠦ ᠴᠠᠭᠢᠯᠭᠠᠨ ᠬᠦᠷᠭᠡᠬᠦ ᠱᠤᠭᠤᠮ ᠪᠣᠯᠣᠨ ᠴᠠᠭᠢᠯᠭᠠᠨ ᠢ | ᠲᠥᠪᠯᠡᠷᠡᠭᠦᠯᠬᠦ ᠢᠨᠵᠧᠨᠧᠷᠢᠩ ᠢ ᠪᠠᠶᠢᠭᠤᠯᠵᠤ᠂ ᠡᠮᠦᠨ᠎ᠡ ᠤᠮᠠᠷ᠎ᠠ ᠶᠢ ᠬᠤᠯᠪᠣᠭᠰᠠᠨ ︽ᠥᠪᠥᠷ ᠮᠣᠩᠭᠤᠯ ᠤᠨ | ᠴᠠᠭᠢᠯᠭᠠᠨ ᠢ ᠭᠠᠳᠠᠭᠰᠢ ᠬᠦᠷᠭᠡᠬᠦ︾ ᠬᠤᠷᠳᠤᠨ ᠤ ᠵᠠᠮ ᠢ ᠪᠠᠶᠢᠭᠤᠯᠵᠤ᠂ ᠥᠪᠥᠷ ᠮᠣᠩᠭᠤᠯ ᠤᠨ ᠪᠦᠭᠦ ᠤᠯᠤᠰ ᠤᠨ | ᠴᠠᠭᠢᠯᠭᠠᠨ ᠬᠦᠴᠦᠨ ᠤ ᠶᠡᠭᠡ ᠵᠠᠬ᠎ᠠ ᠳᠡᠯᠭᠡᠭᠦᠷ ᠲᠤ ᠬᠠᠨᠳᠤᠭᠤᠯᠤᠭᠰᠠᠨ ᠡᠭᠦᠳᠡ ᠶᠢ ᠨᠡᠭᠡᠭᠡᠭᠰᠡᠨ ᠪᠠᠶᠢᠨ᠎ᠠ᠃ | | | ᠤᠳᠤ ᠤᠯᠤᠰ ᠤᠨ ᠴᠠᠭᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠪᠡᠶ᠎ᠡ ᠶᠢᠨ ᠴᠠᠭᠢᠯᠭᠠᠨ ᠬᠦᠴᠦᠨ | ᠤ ᠬᠢᠵᠠᠭᠠᠷᠲᠤ ᠺᠤᠮᠫᠠᠨᠢ ᠨᠢ ᠥᠪᠡᠷᠲᠡᠭᠡᠨ ᠵᠠᠰᠠᠬᠤ ᠣᠷᠣᠨ ᠤ ︽ᠰᠢᠨ᠎ᠡ ᠡᠨᠧᠷᠭᠢ ᠶᠢᠨ ᠬᠦᠷᠢᠶᠡᠨ ᠳᠤ ᠲᠠᠭᠢᠨ ᠨᠢᠭᠡ | ᠠᠵᠤ ᠦᠢᠯᠡᠳᠪᠦᠷᠢ ᠶᠢᠨ ᠥᠪᠥᠷ ᠮᠣᠩᠭᠤᠯ ᠢ ᠴᠣᠭᠴᠠᠯᠠᠬᠤ︾ ᠬᠠᠷᠠᠯᠲᠠ ᠶᠢᠨ ᠲᠣᠭᠤᠷᠢᠨ ᠳᠤ ᠰᠢᠨ᠎ᠡ ᠡᠨᠧᠷᠭᠢ ᠶᠢ | ᠴᠠᠭᠢᠯᠭᠠᠨ ᠲᠣᠣᠷ ᠲᠤ ᠤᠷᠤᠭᠤᠯᠬᠤ ᠠᠵᠢᠯ ᠢ ᠱᠠᠯᠠᠪᠳᠠᠨ ᠠᠬᠢᠭᠤᠯᠵᠤ ᠪᠤᠢ᠃ 8 ᠰᠠᠷ᠎ᠠ ᠶᠢᠨ ᠰᠡᠭᠦᠯᠴᠢ ᠪᠤᠯᠬᠤ ᠳᠤ | ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠴᠠᠭᠢᠯᠭᠠᠨ ᠬᠦᠴᠦᠨ ᠤ ᠬᠢᠵᠠᠭᠠᠷᠲᠤ ᠺᠤᠮᠫᠠᠨᠢ ᠶᠢᠨ ᠡᠵᠡᠩᠨᠡᠯᠲᠡ ᠶᠢᠨ | ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 2726 ᠲᠦᠮᠡᠨ ᠺᠢᠯᠣᠸᠠᠲ ᠲᠤ ᠬᠦᠷᠴᠦ᠂ ᠪᠦᠭᠦ ᠮᠠᠰᠢᠨ | ᠴᠣᠭᠴᠠᠯᠠᠪᠤᠷᠢ ᠶᠢᠨ 39% ᠶᠢ ᠡᠵᠡᠯᠡᠨ᠂ ᠺᠤᠮᠫᠠᠨᠢ ᠠᠩᠬ᠎ᠠ ᠪᠠᠶᠢᠭᠤᠯᠤᠭᠳᠠᠬᠤ ᠦᠶ᠎ᠡ ᠶᠢᠨ 13 ᠳᠠᠭᠢᠨ ᠪᠣᠯᠵᠤ | ᠨᠡᠮᠡᠭᠳᠡᠪᠡ︔ ᠥᠪᠥᠷ ᠮᠣᠩᠭᠤᠯ ᠤᠨ ᠵᠡᠭᠦᠨ ᠪᠡᠶ᠎ᠡ ᠶᠢᠨ ᠴᠠᠭᠢᠯᠭᠠᠨ ᠬᠦᠴᠦᠨ ᠤ ᠬᠢᠵᠠᠭᠠᠷᠲᠤ ᠺᠤᠮᠫᠠᠨᠢ ᠶᠢᠨ | ᠡᠵᠡᠩᠨᠡᠯᠲᠡ ᠶᠢᠨ ᠣᠷᠣᠨ ᠤ ᠨᠢᠭᠡᠨᠲᠡ ᠬᠢᠨᠠᠨ ᠵᠥᠪᠰᠢᠶᠡᠷᠡᠭᠰᠡᠨ ᠪᠤᠯᠪᠠᠴᠤ ᠴᠠᠭᠢᠯᠭᠠᠨ ᠲᠣᠣᠷ ᠲᠤ | ᠣᠷᠣᠭᠤᠯᠤᠭᠠᠳᠤᠢ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 4760 ᠲᠦᠮᠡᠨ ᠺᠢᠯᠣᠸᠠᠲ ᠪᠠᠶᠢᠵᠤ᠂ ᠣᠳᠣᠬᠠᠨ | ᠳᠤ ᠶᠠᠭ ᠪᠦᠲᠦᠭᠡᠨ ᠪᠠᠶᠢᠭᠤᠯᠵᠤ ᠪᠠᠶᠢᠭ᠎ᠠ ᠨᠢ 1605 ᠲᠦᠮᠡᠨ ᠺᠢᠯᠣᠸᠠᠲ ᠪᠠᠶᠢᠵᠤ᠂ ᠡᠨᠡ ᠵᠢᠯ ᠤᠨ ᠰᠡᠭᠦᠯᠴᠢ | ᠠᠴᠠ ᠡᠮᠦᠨ᠎ᠡ 897 ᠲᠦᠮᠡᠨ ᠺᠢᠯᠣᠸᠠᠲ ᠢ ᠨᠢ ᠴᠠᠭᠢᠯᠭᠠᠨ ᠲᠣᠣᠷ ᠲᠤ ᠤᠷᠤᠭᠤᠯᠬᠤ ᠪᠠᠷ ᠲᠥᠯᠥᠪᠯᠡᠵᠦ ᠪᠤᠢ᠃ | ᠣᠶᠢᠯᠠᠭᠠᠭᠰᠠᠨ ᠢᠶᠠᠷ᠂ ᠣᠶᠢᠷ᠎ᠠ ᠶᠢᠨ ᠭᠤᠷᠪᠠᠨ ᠵᠢᠯ ᠳᠤ ᠥᠪᠥᠷ ᠮᠣᠩᠭᠤᠯ ᠤᠨ ᠵᠡᠭᠦᠨ ᠪᠡᠶ᠎ᠡ ᠶᠢᠨ ᠴᠠᠭᠢᠯᠭᠠᠨ ᠲᠣᠣᠷ | ᠤᠨ ᠵᠢᠯ ᠪᠦᠷᠢ ᠶᠢᠨ ᠰᠢᠨ᠎ᠡ ᠡᠨᠧᠷᠭᠢ ᠶᠢ ᠠᠰᠢᠭᠯᠠᠭᠰᠠᠨ ᠨᠤᠷᠮ᠎ᠠ ᠨᠢ ᠲᠤᠰ ᠲᠤᠰ ᠤᠯᠤᠰ ᠤᠨ ᠱᠠᠭᠠᠷᠳᠠᠯᠭ᠎ᠠ | ᠠᠴᠠ ᠵᠠᠭᠤᠨ ᠤ ᠬᠠᠷᠢᠴᠠᠯ ᠢᠶᠠᠷ 7.9 ᠬᠤᠪᠢ᠂ 7 ᠬᠤᠪᠢ ᠪᠠ 7 ᠬᠤᠪᠢ ᠳᠠᠪᠠᠵᠤ᠂ ᠳᠠᠬᠢᠯᠲᠠ ᠡᠨᠧᠷᠭᠢ ᠶᠢ | ᠠᠰᠢᠭᠯᠠᠭᠰᠠᠨ ᠨᠤᠷᠮ᠎ᠠ ᠨᠢ ᠲᠤᠰ ᠲᠤᠰ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠵᠠᠭᠤᠨ ᠤ ᠬᠠᠷᠢᠴᠠᠯ ᠢᠶᠠᠷ | 8.7 ᠬᠤᠪᠢ᠂ 8 ᠬᠤᠪᠢ ᠪᠠ 12.3 ᠬᠤᠪᠢ ᠳᠠᠪᠠᠪᠠ᠃ ᠲᠥᠯᠥᠪᠯᠡᠭᠰᠡᠨ ᠢᠶᠠᠷ᠂ 2025 ᠣᠨ ᠪᠤᠯᠬᠤ ᠳᠤ | ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 4450 | ᠲᠦᠮᠡᠨ ᠺᠢᠯᠣᠸᠠᠲ ᠲᠤ ᠬᠦᠷᠴᠦ᠂ ᠪᠦᠭᠦ ᠮᠠᠰᠢᠨ ᠴᠣᠭᠴᠠᠯᠠᠪᠤᠷᠢ ᠶᠢᠨ 65% ᠣᠷᠴᠢᠮ ᠢ ᠡᠵᠡᠯᠡᠨ᠂ ᠰᠢᠨ᠎ᠡ | ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠱᠠᠲᠤᠴᠢ ᠴᠢᠨᠠᠷᠲᠠᠢ ᠬᠠᠷᠠᠯᠲᠠ ᠡᠭᠦᠷᠭᠡ ᠶᠢ | ᠳᠠᠪᠠᠭᠤᠯᠤᠨ ᠪᠡᠶᠡᠯᠡᠭᠦᠯᠬᠦ ᠪᠣᠯᠣᠨ᠎ᠠ᠃ |